ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ | ᠬᠤᠭᠤᠴᠠᠭᠠᠨ ᠤ ᠬᠤᠷᠢᠶᠠ ᠶᠢᠨ ᠠᠷᠪᠠ ᠶᠢᠰᠦᠳᠦᠭᠡᠷ ᠪᠦᠬᠦᠳᠡ ᠬᠤᠷᠠᠯ 2016 ᠤᠨ ᠤ 11 ᠰᠠᠷᠠ ᠶᠢᠨ 19 ᠤ | ᠡᠳᠦᠷ ᠠᠴᠠ 11 ᠰᠠᠷᠠ ᠶᠢᠨ 20 ᠤ ᠡᠳᠦᠷ ᠪᠤᠯᠳᠠᠯᠠ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠣᠷᠣᠨ ᠤ | ᠨᠠᠮ ᠤᠨ ᠬᠤᠷᠢᠶᠠ ᠶᠢᠨ ᠭᠡᠰᠢᠭᠦᠨ 58 ᠬᠦᠮᠦᠨ᠂ ᠣᠷᠣᠯᠠᠭᠴᠢ ᠭᠡᠰᠢᠭᠦᠨ 11 ᠬᠦᠮᠦᠨ ᠬᠤᠷᠠᠯ ᠳᠤ ᠣᠷᠣᠯᠴᠠᠵᠠᠢ᠃ | ᠦᠪᠡᠷᠳᠡᠭᠡᠨ ᠵᠠᠰᠠᠬᠤ ᠣᠷᠣᠨ ᠤ ᠰᠠᠬᠢᠯᠭᠠ ᠪᠠᠳᠣ ᠪᠠᠶᠢᠴᠠᠭᠠᠬᠤ ᠬᠤᠷᠢᠶᠠ ᠶᠢᠨ ᠪᠠᠶᠢᠩᠭᠤ ᠶᠢᠨ ᠭᠡᠰᠢᠭᠦᠨ᠂ ᠬᠠᠮᠢᠶᠠ ᠪᠦᠬᠦᠢ | ᠳᠠᠯᠠ ᠶᠢᠨ ᠬᠠᠷᠢᠭᠤᠴᠠᠯᠭᠠᠳᠠᠨ ᠨᠦᠬᠦᠳ ᠪᠣᠯᠣᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠣᠳᠠᠭᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠣᠨ ᠤ ᠲᠦᠯᠦᠭᠡᠯᠡᠭᠴᠢ ᠬᠤᠷᠠᠯ ᠳᠤ ᠰᠣᠯᠠ ᠣᠷᠣᠯᠴᠠᠪᠠ᠃ | ᠬᠤᠷᠠᠯ ᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠ ᠶᠢᠨ ᠪᠠᠶᠢᠩᠭᠤ ᠶᠢᠨ ᠬᠤᠷᠢᠶᠠ ᠡᠷᠬᠢᠯᠡᠪᠡ᠃ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠ ᠶᠢᠨ ᠱᠦᠵᠢ ᠯᠢ ᠵᠢᠢ ᠾᠧᠩ ᠴᠢᠬᠤᠯᠠ ᠶᠠᠷᠢᠶᠠ ᠳᠠᠯᠪᠢᠵᠠᠢ᠃ | ᠬᠤᠷᠠᠯ ᠠᠴᠠ᠂ ᠯᠢ ᠵᠢᠢ ᠾᠧᠩ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠ ᠶᠢᠨ ᠪᠠᠶᠢᠩᠭᠤ ᠶᠢᠨ ᠬᠤᠷᠢᠶᠠ ᠶᠢ | ᠲᠦᠯᠦᠭᠡᠯᠡᠵᠤ ᠬᠢᠭᠰᠡᠨ ᠠᠵᠢᠯ ᠤᠨ ᠮᠡᠳᠡᠭᠦᠯᠦᠯᠳᠡ ᠶᠢ ᠰᠤᠨᠤᠰᠴᠤ ᠶᠠᠷᠢᠯᠴᠠᠪᠠ᠃ ᠬᠤᠷᠠᠯ ᠠᠴᠠ ︽ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠ ᠶᠢ ᠬᠦᠨᠵᠡᠭᠡᠢ ᠰᠤᠷᠤᠯᠴᠠᠨ | ᠲᠤᠤᠱᠯᠠᠭᠤᠯᠵᠤ ᠪᠦᠬᠦ ᠲᠠᠯᠠ ᠪᠠᠷ ᠨᠠᠮ ᠢᠶᠠᠨ ᠴᠢᠩᠭᠠ ᠵᠠᠰᠠᠬᠤ ᠶᠢ ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶᠠ ᠶᠢᠨ ᠲᠤᠭᠳᠠᠭᠠᠯ︾ ᠢ ᠬᠢᠨᠠᠨ ᠵᠦᠪᠯᠡᠵᠦ ᠪᠠᠳᠤᠯᠠᠪᠠ᠃ ᠬᠤᠷᠠᠯ ᠠᠴᠠ ᠦᠪᠡᠷᠳᠡᠭᠡᠨ ᠵᠠᠰᠠᠬᠤ | ᠤᠷᠤᠨ ᠤ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠ ᠶᠢᠨ ᠠᠷᠪᠠᠳᠤᠭᠠᠷ ᠤᠳᠠᠭᠠ ᠶᠢᠨ ᠨᠠᠮ ᠤᠨ ᠲᠦᠯᠦᠭᠡᠯᠡᠭᠴᠢᠳ ᠤᠨ | ᠶᠡᠭᠡ ᠬᠤᠷᠠᠯ ᠲᠡᠭᠡᠷᠡ ᠬᠢᠭᠦ ᠢᠯᠡᠳᠭᠡᠯ ᠢ ᠶᠠᠷᠢᠯᠴᠠᠨ ᠪᠠᠳᠤᠯᠠᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠ ᠶᠢᠨ | ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠡᠪᠰᠢᠭᠦᠯᠵᠤ ᠬᠢᠨᠠᠨ ᠵᠦᠪᠯᠡᠭᠦᠯᠭᠦ ᠪᠠᠷ ᠲᠤᠭᠳᠠᠪᠠ᠃ ᠯᠢ ᠵᠢᠢ ᠾᠧᠩ | ᠲᠤᠬᠳᠠᠭᠠᠯ ︵ᠶᠠᠷᠢᠯᠴᠠᠬᠤ ᠨᠤᠤᠷᠠᠭ︶ ᠪᠠ ᠢᠯᠡᠳᠭᠡᠯ ︵ᠶᠠᠷᠢᠯᠴᠠᠬᠤ ᠨᠤᠤᠷᠠᠭ︶ ᠢ ᠲᠤᠭᠤᠷᠪᠢᠬᠰᠠᠨ ᠪᠠᠶᠢᠳᠠᠯ ᠳᠤ ᠲᠤᠳᠤᠷᠬᠠᠢᠢᠯᠠᠯᠳᠠ | ᠬᠢᠵᠠᠢ᠃ ᠬᠤᠷᠠᠯ ᠠᠴᠠ ᠦᠵᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ | ᠪᠦᠬᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠪᠣᠯ ᠨᠠᠮ ᠤᠨ ᠲᠦᠪ ᠬᠤᠷᠢᠶᠠ ᠶᠢᠨ ᠭᠤᠤᠯᠯᠠᠬᠴᠢ᠂ ᠪᠦᠬᠦ ᠨᠠᠮ ᠤᠨ | ᠭᠤᠤᠯᠯᠠᠬᠴᠢ ᠪᠣᠯᠬᠤ ᠶᠢ ᠲᠤᠳᠤᠷᠬᠠᠢᠢᠯᠠᠪᠡ᠂ ᠡᠨᠡ ᠨᠢ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ | ᠲᠦᠮᠡᠨ ᠤ ᠬᠠᠮᠳᠤ ᠶᠢᠨ ᠬᠦᠰᠡᠯ᠂ ᠨᠠᠮ ᠪᠠ ᠤᠯᠤᠰ ᠤᠨ ᠦᠨᠳᠦᠰᠦᠨ ᠠᠰᠢᠭ ᠲᠤᠰᠠ ᠪᠣᠯᠣᠨᠠ᠃ ᠪᠦᠬᠦ ᠤᠷᠤᠨ ᠤ ᠡᠯᠠ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ᠂ ᠺᠠᠳ᠋ᠷ ᠤᠯᠠᠨ ᠲᠦᠮᠡᠨ ︽ᠲᠦᠷᠪᠡᠨ | ᠤᠬᠠᠮᠰᠠᠷ︾ ᠤᠨᠴᠠᠭᠠᠢᠢᠯᠠᠨ ᠭᠤᠤᠯᠯᠠᠬᠴᠢ ᠶᠢᠨ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ | ᠴᠢᠩᠭᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠ ᠨᠤᠭᠤᠳ ᠤᠨ ᠵᠤᠷᠢᠭ ᠰᠠᠨᠠᠭᠠ ᠪᠠ ᠤᠯᠤᠰ ᠢᠶᠠᠨ | ᠵᠠᠰᠠᠵᠤ ᠵᠠᠰᠠᠭ ᠡᠷᠬᠢᠯᠡᠭᠦ ᠰᠢᠨᠡ ᠤᠢᠢᠯᠠᠭᠠᠬᠳᠠᠬᠤᠨ ᠰᠢᠨᠡ ᠦᠵᠡᠯ ᠰᠠᠨᠠᠭᠠ ᠰᠢᠨᠠ ᠪᠠᠶᠢᠯᠳᠤᠬᠤ ᠪᠤᠳᠤᠯᠭᠠ ᠶᠢ ᠴᠦᠬᠦᠷᠡᠯ | ᠦᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ | ᠦᠶᠠ ᠶᠢᠨ ᠴᠢᠬᠤᠯᠠ ᠶᠠᠷᠢᠶᠠ ᠶᠢᠨ ᠵᠤᠷᠢᠭ ᠰᠠᠨᠠᠭᠠ ᠶᠢ ᠴᠦᠬᠦᠷᠡᠯ ᠦᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠ ᠶᠢᠨ ᠡᠷᠭᠡ ᠰᠦᠷ ᠢ ᠨᠡᠩ ᠡᠷᠡᠰ ᠢᠶᠠᠷ ᠬᠠᠮᠠᠭᠠᠯᠠᠵᠤ᠂ ᠨᠡᠩ | ᠤᠬᠠᠮᠰᠠᠷ ᠠᠴᠠ ᠪᠠᠨ ᠦᠵᠡᠯ ᠰᠠᠨᠠᠭᠠ ᠤᠯᠤᠰ ᠲᠦᠷᠦ ᠦᠢᠯᠡ ᠠᠵᠢᠯᠯᠠᠭᠠ ᠲᠡᠭᠡᠷᠡ ᠪᠠᠨ ᠰᠢ ᠶᠢᠨ ᠫᠢᠩ ᠨᠦᠬᠦᠷ ᠢᠶᠠᠷ ᠭᠤᠣᠯ | ᠪᠤᠯᠭᠠᠬᠰᠠᠨ ᠨᠠᠮ ᠤᠨ ᠲᠦᠪ ᠬᠤᠷᠢᠶᠠ ᠲᠠᠢ ᠲᠡᠭᠡᠳᠦ ᠬᠡᠮᠵᠢᠶᠡ ᠪᠠᠷ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶᠠ ᠶᠢᠨ ᠡᠯᠠ | ᠵᠦᠢᠯ ᠤᠨ ᠰᠢᠢᠳᠪᠦᠷᠢᠳᠦ ᠪᠤᠳᠤᠯᠭᠠ ᠪᠠᠶᠢᠷᠢᠯᠠᠭᠤᠯᠤᠯᠳᠠ ᠶᠢ ᠨᠡᠩ ᠯᠠᠪᠳᠠᠭᠤᠨ ᠪᠠᠳᠤᠳᠠᠢ ᠪᠠᠷ ᠪᠤᠳᠠᠳᠠᠢ ᠳᠤ ᠨᠡᠶᠢᠳᠡᠪᠦᠷᠢᠵᠢᠭᠤᠯᠬᠤ | ᠬᠡᠷᠡᠭᠳᠡᠢ ᠬᠡᠪᠡ᠃ | ᠬᠤᠷᠠᠯ ᠠᠴᠠ ᠵᠢᠭᠠᠵᠤ ᠭᠠᠷᠭᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ᠂ ᠤᠳᠤᠬᠠᠨ ᠪᠠ | ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨᠠ᠃ ᠨᠠᠮ ᠤᠨ ᠲᠦᠪ | ᠬᠤᠷᠢᠶᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠠ ᠶᠢᠨ ᠨᠢᠭᠡᠳᠦᠯᠳᠡᠢ ᠲᠤᠬᠢᠷᠠᠭᠤᠯᠤᠯᠳᠠ ᠶᠤᠰᠤᠭᠠᠷ᠂ ᠡᠮᠦᠨᠡᠭᠢ ᠨᠢᠭᠡ ᠬᠡᠰᠡᠭ ᠬᠤᠭᠤᠴᠠᠭᠠᠨ ᠤ ᠠᠵᠢᠯ ᠤᠨ ᠢᠶᠠᠨ | ᠰᠠᠭᠤᠷᠢ ᠲᠡᠭᠡᠷᠡ᠂ ᠰᠤᠷᠤᠯᠴᠠᠯᠭᠠ ᠬᠦᠮᠦᠵᠢᠯ ᠢ ᠴᠢᠨᠠᠭᠰᠢᠳᠠ ᠰᠠᠶᠢᠳᠣᠷ ᠠᠳᠬᠤᠵᠣ᠂ ᠤᠬᠠᠭᠤᠯᠣᠨ ᠲᠠᠶᠢᠯᠪᠤᠷᠢᠯᠠᠬᠤ ᠶᠢ | ᠴᠢᠨᠠᠭᠰᠢᠳᠠ ᠰᠠᠶᠢᠳᠣᠷ ᠠᠳᠬᠤᠵᠣ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠴᠢᠨᠠᠬᠰᠢᠳᠠ ᠰᠠᠶᠢᠳᠤᠷ ᠠᠳᠬᠤᠵᠤ᠂ | ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂ ᠦᠷᠭᠡᠨ ᠤᠯᠠᠨ ᠨᠠᠮ ᠤᠨ | ᠬᠡᠰᠢᠭᠦᠨ ᠺᠠᠳ᠋ᠷ ᠤᠯᠠᠨ ᠲᠦᠮᠡᠨ ᠤ ᠦᠵᠡᠯ ᠰᠠᠨᠠᠭᠠ ᠪᠠ ᠦᠢᠯᠡ ᠠᠵᠢᠯᠯᠠᠭᠠ ᠶᠢ ᠦᠨᠡᠨᠭᠦ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠ ᠲᠡᠭᠡᠷᠡ ᠨᠢᠭᠡᠳᠭᠡᠵᠤ᠂ ᠲᠦᠪ ᠤᠨ | ᠵᠤᠷᠢᠭ ᠰᠠᠨᠠᠭᠠ ᠪᠠᠷ ᠨᠡᠩ ᠰᠠᠶᠢᠳᠤᠷ ᠲᠡᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠦᠨ᠂ ᠠᠵᠢᠯ ᠢᠶᠠᠨ | ᠠᠬᠢᠭᠤᠯᠬᠤ ᠬᠡᠷᠡᠭᠳᠡᠢ ᠬᠡᠪᠡ᠃ ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠ ᠶᠢᠨ ᠪᠠᠶᠢᠩᠭᠤ ᠶᠢᠨ | ᠬᠤᠷᠢᠶᠠ ᠶᠢᠨ ᠨᠢᠭᠡ ᠵᠢᠯ ᠤᠨ ᠲᠤᠷᠰᠢᠬᠢ ᠠᠵᠢᠯ ᠢ ᠬᠦᠢᠴᠡᠳ ᠨᠤᠳᠠᠯᠠᠪᠠ᠃ ᠬᠤᠷᠠᠯ ᠠᠴᠠ ᠰᠠᠨᠠᠯ ᠨᠢᠭᠡᠳᠡᠢ ᠦᠵᠡᠭᠰᠡᠨ ᠨᠢ᠂ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠ ᠶᠢᠨ ᠡᠷᠡᠰ ᠴᠢᠩᠭᠠ ᠤᠳᠤᠷᠢᠳᠤᠯᠭᠠ ᠲᠤᠤᠷᠠ᠂ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠ ᠶᠢᠨ ᠪᠠᠶᠢᠩᠭᠤ ᠶᠢᠨ ᠬᠤᠷᠢᠶᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠ ᠶᠢ ᠪᠦᠬᠦ ᠲᠠᠯᠠ ᠪᠠᠷ ᠲᠤᠤᠱᠯᠠᠭᠤᠯᠵᠣ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠ ᠨᠤᠭᠤᠳ ᠤᠨ ᠵᠤᠷᠢᠭ ᠰᠠᠨᠠᠭᠠ ᠪᠠ ᠤᠯᠤᠰ ᠢᠶᠠᠨ ᠵᠠᠰᠠᠵᠤ ᠵᠠᠰᠠᠭ ᠡᠷᠬᠢᠯᠡᠭᠦ ᠰᠢᠨᠡ | ᠤᠢᠢᠯᠠᠭᠠᠬᠳᠠᠬᠤᠨ ᠰᠢᠨᠡ ᠦᠵᠡᠯ ᠰᠠᠨᠠᠭᠠ ᠰᠢᠨᠠ ᠪᠠᠶᠢᠯᠳᠤᠬᠤ ᠪᠤᠳᠤᠯᠭᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶᠠ ᠶᠢᠨ ᠴᠢᠬᠤᠯᠠ ᠶᠠᠷᠢᠶᠠ ᠶᠢᠨ ᠵᠤᠷᠢᠭ ᠰᠠᠨᠠᠭᠠ ᠶᠢ ᠬᠦᠨᠵᠡᠭᠡᠢ ᠲᠤᠤᠱᠯᠠᠭᠤᠯᠵᠤ᠂ | ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ᠲᠦᠷᠪᠡᠨ ᠪᠦᠬᠦ ᠲᠠᠯᠠ︾ ᠶᠢ ᠵᠤᠬᠢᠴᠠᠩᠭᠤᠢ ᠪᠠᠷ | ᠠᠬᠢᠭᠤᠯᠬᠤ ᠪᠠᠶᠢᠯᠳᠤᠬᠤ ᠪᠤᠳᠤᠯᠭᠠ ᠶᠢᠨ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠲᠤᠬᠳᠠᠭᠤᠨ | ᠪᠠᠶᠢᠯᠭᠠᠬᠤ ᠮᠦᠷᠳᠡᠭᠡᠨ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠦᠭᠡᠷᠡᠴᠢᠯᠡᠯᠳᠡ | ᠨᠡᠭᠡᠭᠡᠯᠳᠡ ᠶᠢ ᠪᠠᠷᠢᠮᠳᠠᠯᠠᠵᠣ᠂ ᠰᠢᠨᠠ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠤ᠂ ᠦᠵᠡᠯ ᠰᠠᠨᠠᠭᠠ ᠤᠨᠤᠯ ᠢᠶᠠᠷ | ᠵᠡᠪᠰᠡᠭᠯᠡᠭᠦ ᠶᠢ ᠦᠷᠭᠦᠯᠵᠢᠯᠡᠨ ᠬᠦᠨᠵᠡᠭᠡᠶᠢᠷᠡᠭᠦᠯᠦᠨ᠂ ᠦᠭᠡᠷᠡᠴᠢᠯᠡᠯᠳᠡ ᠶᠢ ᠪᠦᠬᠦ ᠲᠠᠯᠠ ᠪᠠᠷ ᠬᠦᠨᠵᠡᠭᠡᠶᠢᠷᠡᠭᠦᠯᠭᠦ ᠶᠢ ᠬᠦᠴᠦᠯᠠᠨ | ᠠᠬᠢᠭᠤᠯᠵᠤ᠂ ᠠᠵᠤ ᠠᠬᠤᠢ ᠶᠢᠨ ᠲᠤᠬᠳᠠᠭᠤᠨ ᠢᠶᠠᠷ ᠡᠷᠡᠭᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠢᠶᠠᠨ ᠪᠠᠳᠤᠯᠠᠵᠤ᠂ ᠨᠡᠶᠢᠭᠡᠮ | ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠯᠠᠪᠳᠠᠭᠤᠨ ᠪᠠᠳᠤᠳᠠᠢ ᠬᠦᠭᠵᠢᠭᠦᠯᠵᠤ᠂ ᠰᠤᠷᠳᠠᠯ ᠤᠬᠠᠭᠤᠯᠭᠠ ᠰᠤᠶᠤᠯ ᠤᠨ | ᠠᠵᠢᠯ ᠢ ᠪᠦᠬᠦ ᠲᠠᠯᠠ ᠪᠠᠷ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠠᠶᠢᠭᠤᠯᠤᠯᠳᠠ ᠪᠠ ᠨᠡᠶᠢᠭᠡᠮ ᠢ ᠵᠠᠰᠠᠬᠤ ᠠᠵᠢᠯ ᠢ ᠰᠠᠶᠢᠳᠤᠷ | ᠬᠢᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠶᠡᠭᠡ ᠪᠠᠷ ᠴᠢᠩᠭᠠᠳᠬᠠᠵᠤ᠂ ᠪᠦᠬᠦ ᠲᠠᠯᠠ ᠪᠠᠷ ᠨᠠᠮ ᠢᠶᠠᠨ ᠴᠢᠩᠭᠠ | ᠵᠠᠰᠠᠬᠤ ᠶᠢ ᠬᠦᠨᠵᠡᠭᠡᠢ ᠠᠬᠢᠭᠤᠯᠵᠤ᠂ ᠡᠯᠠ ᠲᠠᠯᠠ ᠶᠢᠨ ᠠᠵᠢᠯ ᠰᠢᠨᠠ ᠠᠬᠢᠴᠠ ᠲᠠᠢ ᠪᠣᠯᠵᠣ ᠰᠢᠨᠡ ᠦᠷᠡ ᠪᠦᠳᠦᠮᠵᠢ ᠤᠯᠵᠤ᠂ | ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠠᠯᠠ ᠪᠠᠷ ᠢᠳᠡᠷᠡᠭᠦᠨ | ᠠᠯᠬᠤᠭᠠ ᠠᠯᠬᠤᠪᠠ ᠬᠡᠵᠡᠢ᠃ ᠬᠤᠷᠠᠯ ᠠᠴᠠ ᠴᠢᠬᠤᠯᠠᠴᠢᠯᠠᠬᠰᠠᠨ ᠨᠢ᠂ ᠦᠪᠦᠷ ᠮᠤᠩᠭᠤᠯ ᠤᠨ ᠠᠵᠢᠯ ᠢᠶᠠᠨ ᠰᠠᠶᠢᠳᠤᠷ ᠬᠢᠭᠦ ᠳᠤ᠂ | ᠵᠠᠩᠬᠢᠯᠠᠭᠠ ᠨᠢ ᠨᠠᠮ ᠳᠤ ᠪᠣᠢ᠂ ᠵᠠᠩᠬᠢᠯᠠᠭᠠ ᠨᠢ ᠨᠠᠮ ᠨᠠᠮ ᠢᠶᠠᠨ ᠬᠠᠮᠢᠶᠠᠷᠴᠤ᠂ ᠨᠠᠮ ᠢᠶᠠᠨ ᠴᠢᠩᠭᠠ ᠵᠠᠰᠠᠬᠤ ᠳᠤ ᠪᠣᠢ᠃ ︽ᠰᠢᠨᠡ | ᠪᠠᠶᠢᠳᠠᠯ ᠲᠤᠤᠷᠠᠬᠢ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶᠠ ᠨᠤᠭᠤᠳ︾᠂ ︽ | ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠦ ᠶᠢᠨ ᠬᠢᠨᠠᠯᠳᠠ ᠲᠠᠯᠪᠢᠬᠤ ᠲᠦᠷᠢᠮ︾ ᠪᠠ ᠵᠢᠷᠭᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠ ᠶᠢᠨ ᠲᠤᠭᠳᠠᠭᠠᠯ ᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠦᠬᠦ ᠲᠠᠯᠠ ᠪᠠᠷ ᠨᠠᠮ ᠢᠶᠠᠨ ᠴᠢᠩᠭᠠ ᠵᠠᠰᠠᠬᠤ ᠶᠢᠨ | ᠴᠢᠬᠤᠯᠠ ᠴᠢᠨᠠᠷ ᠪᠠ ᠲᠤᠯᠭᠠᠮᠠ ᠴᠢᠨᠠᠷ ᠤᠨ ᠲᠤᠬᠠᠢ ᠲᠠᠨᠢᠯᠳᠠ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠦᠨ᠂ ᠨᠠᠮ ᠤᠨ | ᠪᠠᠶᠢᠭᠤᠯᠤᠯᠳᠠ ᠶᠢ ᠰᠠᠶᠢᠳᠤᠷ ᠠᠳᠬᠤᠬᠤ ᠶᠢ ᠬᠠᠮᠤᠭ ᠶᠡᠭᠡ ᠠᠯᠪᠠᠨ ᠠᠮᠵᠢᠯᠳᠠ ᠪᠤᠯᠭᠠᠬᠤ ᠶᠢ ᠪᠠᠷᠢᠮᠳᠠᠯᠠᠵᠤ᠂ ᠴᠢᠩᠳᠠᠯᠠᠬᠤ ᠶᠢ | ᠳᠡᠷᠢᠭᠦᠨ ᠳᠤ ᠳᠠᠯᠪᠢᠵᠣ᠂ ᠦᠨᠡᠨᠭᠦ ᠬᠠᠮᠢᠶᠠᠷᠤᠨ ᠦᠨᠡᠨᠭᠦ ᠴᠢᠩᠳᠠᠯᠠᠵᠣ᠂ ᠵᠤᠷᠢᠬᠳᠠᠢ ᠬᠠᠮᠢᠶᠠᠷᠦᠨ ᠵᠤᠷᠢᠬᠳᠠᠢ ᠴᠢᠩᠳᠠᠯᠠᠵᠣ᠂ ᠤᠷᠳᠤ | ᠬᠤᠭᠤᠴᠠᠭᠠ ᠬᠠᠮᠢᠶᠠᠷᠤᠨ ᠤᠷᠳᠤ ᠬᠤᠭᠤᠴᠠᠭᠠ ᠴᠢᠩᠳᠠᠯᠠᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ | ᠪᠠᠶᠢᠭᠤᠯᠤᠯᠳᠠ ᠶᠢᠨ ᠴᠤᠬᠴᠠᠯᠠᠯᠳᠠ᠂ ᠰᠤᠷᠳᠠᠯ ᠤᠨ ᠪᠠᠶᠢᠭᠤᠯᠤᠯᠳᠠ᠂ ᠢᠯᠵᠢᠷᠠᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠭᠦ | ᠪᠠᠶᠢᠭᠤᠯᠤᠯᠳᠠ᠂ ᠲᠦᠷᠢᠮ ᠤᠨ ᠪᠠᠶᠢᠭᠤᠯᠤᠯᠳᠠ ᠶᠢ ᠪᠦᠬᠦ ᠲᠠᠯᠠ ᠪᠠᠷ ᠠᠬᠢᠭᠤᠯᠵᠤ᠂ ᠮᠠᠨ ᠤ ᠣᠷᠣᠨ ᠤ ᠨᠠᠮ ᠤᠨ | ᠪᠠᠶᠢᠭᠤᠯᠤᠯᠳᠠ ᠶᠢᠨ ᠰᠢᠨᠵᠢᠯᠡᠭᠦ ᠤᠬᠠᠭᠠᠨᠴᠢᠯᠠᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠶᠡᠭᠡ ᠬᠦᠴᠦ ᠣᠷᠣᠭᠤᠯᠣᠨ ᠴᠢᠩᠭᠠᠳᠬᠠᠨ ᠵᠢᠷᠤᠮᠵᠢᠭᠤᠯᠵᠤ᠂ ᠦᠵᠡᠯ | ᠰᠠᠨᠠᠭᠠᠨ ᠤ ᠬᠦᠮᠦᠵᠢᠯ ᠬᠡᠰᠡᠨ ᠡᠨᠡᠭᠦ ᠦᠨᠳᠦᠰᠦᠨ ᠵᠦᠢᠯ ᠢ ᠬᠦᠴᠦᠯᠡᠨ ᠰᠠᠶᠢᠳᠣᠷ ᠠᠳᠬᠤᠵᠣ᠂ ᠰᠠᠬᠢᠯᠭᠠ ᠪᠠᠳᠤ ᠶᠢ ᠴᠢᠩᠳᠠᠯᠠᠬᠤ | ᠭᠡᠰᠡᠨ ᠡᠨᠡᠭᠦ ᠵᠠᠩᠬᠢᠯᠠᠭᠠ ᠶᠢ ᠰᠠᠶᠢᠳᠣᠷ ᠠᠳᠬᠤᠵᠣ᠂ ᠺᠠᠳ᠋ᠷ ᠢ ᠰᠢᠯᠢᠨ ᠳᠡᠪᠰᠢᠭᠦᠯᠵᠦ ᠬᠡᠷᠡᠭᠯᠡᠭᠦ ᠭᠡᠰᠡᠨ ᠡᠨᠡᠭᠦ ᠤᠳᠤᠷᠢᠳᠤᠮᠵᠢ ᠶᠢ | ᠰᠠᠶᠢᠳᠤᠷ ᠠᠳᠬᠤᠵᠤ᠂ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠬᠡᠰᠡᠨ ᠡᠨᠡᠭᠦ ᠪᠠᠶᠢᠩᠭᠤ ᠶᠢᠨ ᠠᠷᠭᠠ ᠪᠠᠷᠢᠯ ᠢ ᠰᠠᠶᠢᠳᠤᠷ | ᠠᠰᠢᠬᠯᠠᠵᠤ᠂ ᠵᠠᠯᠭᠠᠮᠵᠢᠯᠠᠬᠤ ᠪᠠ ᠰᠢᠨᠡ ᠶᠢ ᠡᠭᠦᠳᠭᠦ ᠭᠡᠰᠡᠨ ᠡᠨᠡᠭᠦ ᠬᠤᠶᠠᠷ ᠵᠠᠩᠬᠢᠯᠠᠭᠠ ᠶᠢᠨ ᠭᠤᠬᠴᠤᠭᠠ ᠶᠢ ᠠᠳᠬᠤᠵᠤ᠂ | ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠳᠦ | ᠴᠢᠨᠠᠷ᠂ ᠳᠠᠶᠢᠴᠢᠨ ᠴᠢᠨᠠᠷ ᠢ ᠲᠠᠰᠤᠷᠠᠯᠳᠠ ᠦᠭᠡᠢ ᠴᠢᠩᠭᠠᠷᠠᠭᠤᠯᠵᠣ᠂ ᠲᠦᠪᠯᠡᠷᠡᠯ ᠲᠠᠢ ᠮᠦᠷᠳᠡᠭᠡᠨ ᠠᠷᠠᠳᠴᠢᠯᠡᠯ ᠲᠠᠢ᠂ ᠰᠠᠬᠢᠯᠭᠠ | ᠪᠠᠳᠤ ᠲᠠᠢ ᠮᠦᠷᠳᠡᠭᠡᠨ ᠡᠷᠭᠡ ᠴᠢᠯᠦᠭᠡ ᠲᠠᠢ᠂ ᠨᠢᠭᠡᠳᠦᠯᠳᠠᠢ ᠵᠤᠷᠢᠯᠳᠠ ᠲᠠᠢ ᠮᠦᠷᠳᠡᠭᠡᠨ ᠬᠤᠪᠢ ᠬᠦᠮᠦᠨ ᠤ ᠰᠡᠳᠬᠢᠯ ᠰᠠᠨᠠᠭᠠ | ᠳᠠᠶᠢᠪᠣᠭᠤ ᠠᠮᠢᠳᠣ ᠴᠣᠪᠣᠭᠤᠯᠢᠭ ᠤᠯᠤᠰ ᠲᠦᠷᠦ ᠶᠢᠨ ᠪᠠᠶᠢᠳᠠᠯ ᠢ ᠴᠢᠷᠮᠠᠶᠢᠨ ᠪᠦᠷᠢᠳᠦᠭᠦᠯᠬᠦ ᠬᠡᠷᠡᠭᠳᠡᠢ᠃ ᠨᠠᠮ ᠤᠨ | ᠲᠤᠳᠤᠭᠠᠳᠦ ᠶᠢᠨ ᠬᠢᠨᠠᠯᠳᠠ ᠲᠠᠯᠪᠢᠬᠤ ᠡᠷᠴᠢᠮ ᠢ ᠦᠨᠡᠨᠭᠦ ᠴᠢᠩᠭᠠᠷᠠᠭᠤᠯᠵᠤ᠂ ᠣᠷᠢᠳᠣᠬᠢ ᠶᠢ ᠵᠠᠯᠬᠠᠭᠠᠵᠤ ᠬᠤᠶᠢᠰᠢᠬᠢ ᠳᠤ ᠴᠡᠭᠡᠷᠯᠡᠯ | ᠪᠤᠯᠭᠠᠬᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ᠂ ᠡᠷᠳᠡ ᠠᠳᠬᠤᠵᠤ ᠪᠠᠭᠠ ᠠᠴᠠ ᠨᠢ ᠠᠳᠬᠤᠬᠤ᠂ ᠣᠴᠢᠷ | ᠶᠠᠪᠤᠳᠠᠯ ᠢ ᠭᠠᠷᠬᠤ ᠠᠴᠠ ᠨᠢ ᠡᠮᠦᠨᠡ ᠰᠡᠷᠬᠡᠶᠢᠯᠡᠭᠦ ᠶᠢ ᠪᠠᠷᠢᠮᠳᠠᠯᠠᠵᠤ᠂ ᠨᠠᠮ ᠤᠨ ᠬᠤᠷᠢᠶᠠ ︵ᠨᠠᠮ ᠤᠨ ᠤᠳᠤᠷᠢᠳᠬᠤ | ᠲᠤᠭᠤᠢᠢᠯᠠᠩ︶ ᠶᠢᠨ ᠪᠦᠬᠦ ᠲᠠᠯᠠ ᠶᠢᠨ ᠬᠢᠨᠠᠯᠳᠠ᠂ ᠰᠠᠬᠢᠯᠭᠠ ᠪᠠᠳᠤ ᠪᠠᠶᠢᠴᠠᠭᠠᠬᠤ ᠬᠤᠷᠢᠶᠠ ᠶᠢᠨ ᠲᠤᠰᠬᠠᠢ ᠬᠠᠷᠢᠭᠤᠴᠠᠯᠭᠠᠳᠣ | ᠬᠢᠨᠠᠯᠳᠠ᠂ ᠨᠠᠮ ᠤᠨ ᠠᠵᠢᠯ ᠤᠨ ᠰᠠᠯᠠᠭᠠ ᠮᠦᠴᠢᠷ ᠤᠨ ᠡᠭᠦᠷᠭᠡ ᠴᠢᠳᠠᠪᠬᠢ ᠶᠢᠨ ᠬᠢᠨᠠᠯᠳᠠ᠂ ᠨᠠᠮ ᠤᠨ ᠦᠨᠳᠦᠰᠦᠨ ᠱᠠᠳᠤᠨ ᠤ | ᠵᠤᠬᠢᠶᠠᠨ ᠪᠠᠶᠢᠭᠤᠯᠤᠯᠳᠠ ᠶᠢᠨ ᠡᠳᠦᠷ ᠲᠤᠳᠤᠮ ᠤᠨ ᠬᠢᠨᠠᠯᠳᠠ᠂ ᠨᠠᠮ ᠤᠨ ᠬᠡᠰᠢᠭᠦᠨ ᠤ ᠠᠷᠠᠳᠴᠢᠯᠡᠯ ᠤᠨ ᠬᠢᠨᠠᠯᠳᠠ ᠶᠢ | ᠴᠢᠩᠭᠠᠳᠬᠠᠵᠤ᠂ ᠨᠠᠮ ᠤᠨ ᠲᠤᠳᠤᠭᠠᠳᠦ ᠶᠢᠨ ᠬᠢᠨᠠᠯᠳᠠ ᠪᠠ ᠭᠠᠳᠠᠨᠠᠬᠢ ᠬᠢᠨᠠᠯᠳᠠ ᠶᠢ ᠬᠠᠷᠢᠯᠴᠠᠨ ᠤᠶᠠᠯᠳᠤᠭᠤᠯᠵᠤ᠂ ᠢᠳᠡᠪᠬᠢᠳᠡᠢ | ᠬᠢᠨᠠᠯᠳᠠ ᠲᠠᠯᠪᠢᠬᠤ ᠪᠠ ᠰᠠᠨᠠᠭᠠᠴᠢᠯᠠᠭᠠ ᠠᠴᠠ ᠪᠠᠨ ᠬᠢᠨᠠᠯᠳᠠ ᠶᠢ ᠬᠦᠯᠢᠶᠡᠭᠦ ᠶᠢ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠨ | ᠤᠬᠠᠮᠰᠠᠷᠳᠦ ᠠᠵᠢᠯᠯᠠᠭᠠ ᠪᠤᠯᠭᠠᠬᠤ ᠬᠡᠷᠡᠭᠳᠡᠢ᠃ ᠲᠠᠷᠤᠭᠠ ᠨᠤᠶᠠᠳ ᠢ ᠴᠢᠩᠭᠠ ᠵᠠᠰᠠᠬᠤ ᠶᠢ ᠨᠠᠮ ᠢᠶᠠᠨ ᠴᠢᠩᠭᠠ ᠵᠠᠰᠠᠬᠤ ᠶᠢᠨ | ᠭᠤᠤᠯᠳᠠᠯᠭᠠ ᠶᠢᠨ ᠭᠤᠤᠯᠳᠠᠯᠭᠠ ᠪᠤᠯᠭᠠᠵᠤ᠂ ᠡᠯᠠ ᠱᠠᠳᠤᠨ ᠤ ᠤᠳᠤᠷᠢᠳᠬᠤ ᠺᠠᠳ᠋ᠷᠴᠤᠳ ᠢ ᠴᠢᠩᠭᠠ ᠬᠦᠮᠦᠵᠢᠭᠦᠯᠵᠦ᠂ ᠴᠢᠩᠭᠠ | ᠬᠠᠮᠢᠶᠠᠷᠦᠨ᠂ ᠴᠢᠩᠭᠠ ᠬᠢᠨᠠᠯᠳᠠ ᠲᠠᠯᠪᠢᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠠᠨᠠᠭᠤᠯᠵᠤ᠂ ᠰᠢᠭᠦᠮᠵᠢᠯᠡᠵᠤ᠂ | ᠵᠠᠯᠠᠷᠠᠭᠤᠯᠵᠤ᠂ ᠰᠢᠢᠳᠪᠦᠷᠢᠯᠡᠭᠦ ᠬᠡᠷᠡᠭᠳᠡᠢ᠃ ᠡᠯᠠ ᠱᠠᠳᠤᠨ ᠤ ᠤᠳᠤᠷᠢᠳᠬᠤ ᠺᠠᠳ᠋ᠷᠴᠤᠳ ᠪᠡᠶᠠ ᠪᠠᠨ ᠴᠢᠩᠭᠠ ᠱᠠᠭᠠᠷᠳᠠᠬᠤ | ᠤᠬᠠᠮᠰᠠᠷ᠂ ᠦᠯᠢᠭᠡᠷ ᠵᠢᠱᠢᠶᠡ ᠪᠣᠯᠬᠤ ᠣᠬᠠᠮᠰᠠᠷ᠂ ᠬᠡᠪ ᠲᠠᠭᠤᠷᠢᠶᠠᠯ ᠪᠣᠯᠬᠤ ᠤᠬᠠᠮᠰᠠᠷ ᠢᠶᠠᠨ ᠴᠢᠩᠭᠠᠷᠠᠭᠤᠯᠤᠨ᠂ ᠨᠠᠮ ᠤᠨ | ᠲᠦᠷᠢᠮ ᠨᠠᠮ ᠤᠨ ᠲᠤᠬᠳᠠᠭᠠᠯ ᠪᠣᠯᠣᠨ ᠦᠨᠳᠦᠰᠦᠨ ᠬᠠᠤᠯᠢ ᠬᠠᠤᠯᠢ ᠴᠠᠭᠠᠵᠠ ᠶᠢ ᠲᠦᠷᠦᠭᠦᠯᠡᠨ ᠰᠠᠬᠢᠵᠤ᠂ ᠨᠠᠮᠴᠢ ᠴᠢᠨᠠᠷ ᠤᠨ | ᠪᠤᠯᠪᠠᠰᠤᠷᠠᠯ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ︽ᠵᠠᠩᠬᠢᠯᠠᠭᠠ ᠶᠢᠨ ᠴᠦᠭᠡᠨ ᠲᠤᠭᠠ︾ ᠶᠢᠨ ᠵᠠᠩᠬᠢᠯᠠᠭᠠ ᠶᠢᠨ | ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠡᠢ ᠬᠡᠵᠡᠢ᠃ ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠ ᠶᠢᠨ ᠲᠦᠯᠦᠭᠡᠯᠡᠭᠴᠢᠳ ᠤᠨ ᠶᠡᠭᠡ ᠬᠤᠷᠠᠯ ᠢ | 2016 ᠤᠨ 11 ᠰᠠᠷᠠ ᠶᠢᠨ 22 ᠤᠨ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠭᠳᠠᠵᠠᠢ᠃ ᠬᠤᠷᠠᠯ ᠠᠴᠠ | ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠ ᠶᠢᠨ ᠨᠠᠮ ᠤᠨ ᠲᠦᠯᠦᠭᠡᠯᠡᠭᠴᠢᠳ ᠤᠨ ᠶᠡᠭᠡ | ᠬᠤᠷᠠᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯᠠ ᠪᠠᠷ ᠪᠡᠶᠡᠯᠡᠭᠦᠯᠭᠦ ᠰᠢᠢᠳᠪᠦᠷᠢᠳᠦ ᠱᠠᠳᠤᠨ ᠳᠤ ᠬᠤᠷᠠᠯᠳᠤᠭᠤᠯᠬᠤ ᠨᠢᠭᠡ | ᠤᠳᠠᠭᠠ ᠶᠢᠨ ᠮᠠᠰᠢ ᠴᠢᠬᠤᠯᠠ ᠬᠤᠷᠠᠯ ᠪᠣᠯᠣᠨᠠ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠯᠤᠰ | ᠲᠦᠷᠦ ᠶᠢᠨ ᠠᠮᠢᠳᠤᠷᠠᠯ ᠳᠣᠮᠳᠠᠬᠢ ᠲᠤᠮᠤ ᠶᠠᠪᠤᠳᠠᠯ ᠪᠤᠯᠤᠨᠠ᠃ ᠡᠷᠬᠡᠪᠰᠢ ᠲᠡᠭᠡᠳᠦ ᠬᠡᠮᠵᠢᠶᠠᠨ ᠤ ᠤᠯᠤᠰ ᠲᠦᠷᠦ ᠶᠢᠨ | ᠬᠠᠷᠢᠭᠤᠴᠠᠯᠭᠠᠳᠦ ᠰᠡᠳᠬᠢᠯᠭᠡ ᠪᠠ ᠲᠡᠤᠭᠡᠨ ᠡᠭᠦᠷᠭᠡᠳᠦ ᠰᠡᠳᠬᠢᠯᠭᠡ ᠪᠠᠷ ᠶᠡᠭᠡ ᠬᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠣᠨ | ᠰᠠᠶᠢᠳᠤᠷ ᠬᠤᠷᠠᠯᠳᠤᠭᠤᠯᠵᠣ᠂ ᠢᠯᠡᠳᠭᠡᠯ ᠢ ᠬᠢᠨᠠᠨ ᠵᠦᠪᠯᠡᠭᠦ ᠠᠵᠢᠯ ᠢ ᠰᠠᠶᠢᠳᠣᠷ ᠬᠢᠵᠦ᠂ ︽ᠬᠤᠶᠠᠷ ᠬᠤᠷᠢᠶᠠ︾ ᠶᠢ ᠰᠤᠩᠭᠤᠨ | ᠭᠠᠷᠭᠠᠬᠤ ᠠᠵᠢᠯ ᠢ ᠰᠠᠶᠢᠳᠤᠷ ᠬᠢᠵᠤ᠂ ᠠᠵᠢᠯ ᠤᠨ ᠰᠠᠬᠢᠯᠭᠠ ᠪᠠᠳᠤ ᠶᠢ ᠴᠢᠩᠳᠠᠯᠠᠨ᠂ ᠬᠤᠭᠤᠴᠠᠭᠠ ᠰᠤᠯᠢᠬᠤ ᠬᠡᠪ ᠰᠤᠷᠳᠠᠯ ᠢ | ᠴᠢᠩᠳᠠᠯᠠᠵᠤ᠂ ᠦᠷᠭᠡᠨ ᠤᠯᠠᠨ ᠲᠦᠯᠦᠭᠡᠯᠡᠭᠴᠢ᠂ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠢ ᠨᠢᠬᠳᠠ ᠲᠦᠰᠢᠭᠯᠡᠨ᠂ | ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠳᠤᠳᠬᠠᠵᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠲᠤᠭ ᠢᠶᠠᠨ ᠦᠨᠳᠦᠷ | ᠮᠠᠨᠳᠤᠭᠤᠯᠤᠬᠰᠠᠨ᠂ ᠭᠤᠤᠯᠯᠠᠬᠴᠢ ᠶᠢ ᠬᠠᠮᠠᠭᠠᠯᠠᠭᠰᠠᠨ᠂ ᠰᠡᠳᠬᠢᠯ ᠢ ᠨᠢᠭᠳᠠᠷᠠᠭᠤᠯᠣᠨ ᠬᠦᠴᠦᠨ ᠢ ᠲᠦᠪᠯᠡᠷᠡᠭᠦᠯᠦᠭᠰᠡᠨ᠂ | ᠤᠷᠢᠳᠤᠬᠢ ᠶᠢ ᠵᠠᠯᠭᠠᠮᠵᠢᠯᠠᠵᠤ ᠬᠤᠶᠢᠰᠢᠬᠢ ᠳᠤ ᠵᠠᠮ ᠨᠡᠭᠡᠭᠡᠭᠰᠡᠨ᠂ ᠪᠦᠯᠬᠦᠮᠳᠡᠯ ᠲᠠᠢ ᠠᠷᠠᠳᠴᠢᠯᠡᠯ ᠲᠠᠢ᠂ ᠣᠪᠣᠷ ᠲᠦᠪ ᠰᠤᠷᠳᠠᠯ | ᠴᠢᠭᠡᠴᠢ ᠨᠢᠭᠡ ᠣᠳᠠᠭᠠ ᠶᠢᠨ ᠶᠡᠭᠡ ᠬᠤᠷᠠᠯ ᠪᠤᠯᠭᠠᠨ ᠬᠤᠷᠠᠯᠳᠤᠭᠤᠯᠬᠤ ᠬᠡᠷᠡᠭᠳᠡᠢ ᠬᠡᠪᠡ᠃ ᠬᠤᠷᠠᠯ ᠠᠴᠠ᠂ ᠤᠳᠤᠬᠠᠨ ᠤ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠰᠠᠶᠢᠳᠤᠷ ᠬᠢᠭᠦ ᠳᠣᠬᠠᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ | ᠴᠢᠬᠤᠯᠠᠴᠢᠯᠠᠬᠰᠠᠨ ᠨᠢ᠂ ᠭᠤᠤᠯᠳᠠᠯᠭᠠ ᠪᠠᠨ ᠲᠤᠪᠤᠶᠢᠯᠭᠠᠨ ᠨᠡᠶᠢᠳᠡᠪᠦᠷᠢᠵᠢᠭᠤᠯᠬᠤ ᠶᠢ ᠠᠳᠬᠤᠵᠤ᠂ ᠠᠵᠤ ᠠᠬᠤᠢ ᠪᠠᠨ | ᠬᠦᠭᠵᠢᠭᠦᠯᠬᠦ ᠠᠵᠢᠯ ᠢ ᠰᠠᠶᠢᠳᠤᠷ ᠬᠢᠭᠦ ᠲᠠᠯᠠ ᠪᠠᠷ ᠪᠦᠬᠦ ᠬᠦᠴᠦᠨ ᠢᠶᠠᠷ ᠢᠶᠠᠨ ᠡᠴᠦᠰ ᠤᠨ ᠰᠢᠪᠳᠣᠯᠣᠯᠳᠠ ᠬᠢᠵᠦ᠂ ᠬᠠᠷᠢᠭᠤᠴᠠᠯᠭᠠ | ᠪᠤᠯᠤᠨ ᠬᠠᠶᠢᠷᠠ ᠰᠡᠳᠬᠢᠯᠭᠡ ᠶᠢ ᠡᠪᠦᠷᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠢ ᠰᠠᠶᠢᠳᠤᠷ ᠬᠢᠵᠤ᠂ ᠠᠮᠤᠷ | ᠲᠦᠪᠰᠢᠨ ᠲᠤᠬᠳᠠᠭᠤᠨ ᠤ ᠠᠵᠢᠯ ᠢ ᠴᠢᠩᠭᠠ᠂ ᠪᠤᠳᠠᠳᠠᠢ᠂ ᠨᠠᠷᠢᠯᠢᠭ ᠬᠢᠵᠤ᠂ ᠡᠯᠠ ᠵᠦᠢᠯ ᠤᠨ ᠵᠢᠱᠢᠭᠰᠡᠨ ᠬᠠᠷᠠᠯᠳᠠ ᠡᠭᠦᠷᠭᠡ ᠪᠠᠨ | ᠠᠮᠵᠢᠯᠳᠡ ᠲᠠᠢ ᠪᠡᠶᠡᠯᠡᠭᠦᠯᠵᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠰᠠᠶᠢᠨ ᠡᠬᠢᠯᠡᠯᠳᠡ ᠶᠢ ᠴᠢᠷᠮᠠᠶᠢᠨ | ᠪᠡᠶᠡᠯᠡᠭᠦᠯᠬᠦ ᠬᠡᠷᠡᠭᠳᠡᠢ ᠬᠡᠪᠡ᠃ ᠬᠤᠷᠠᠯ ᠠᠴᠠ᠂ ᠹᠦ᠋ ᠢ ᠱᠧᠩ ᠤᠨ ᠰᠠᠬᠢᠯᠭᠠ ᠪᠠᠳᠤ ᠠᠴᠠ ᠬᠦᠨᠳᠦ ᠨᠤᠴᠢᠳᠠᠢ ᠵᠦᠷᠢᠴᠡᠭᠰᠡᠨ | ᠠᠰᠠᠭᠤᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠰᠠᠬᠢᠯᠭᠠ ᠪᠠᠳᠤ ᠪᠠᠶᠢᠴᠠᠭᠠᠬᠤ ᠬᠤᠷᠢᠶᠠ ᠶᠢᠨ ᠬᠢᠨᠠᠨ ᠪᠠᠶᠢᠴᠠᠭᠠᠭᠰᠠᠨ | ᠮᠡᠳᠡᠭᠦᠯᠦᠯᠳᠡ ᠶᠢ ᠬᠢᠨᠠᠨ ᠵᠦᠪᠯᠡᠨ ᠪᠠᠳᠤᠯᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠ ᠶᠢᠨ ᠪᠠᠶᠢᠩᠭᠤ ᠶᠢᠨ | ᠬᠤᠷᠢᠶᠠ ᠶᠢᠨ ᠬᠤᠷᠠᠯ ᠠᠴᠠ ᠡᠮᠦᠨᠡ ᠭᠠᠷᠭᠠᠭᠰᠠᠨ ᠹᠦ᠋ ᠢ ᠱᠧᠩ ᠢ ᠨᠠᠮ ᠠᠴᠠ ᠬᠦᠭᠡᠭᠡᠭᠦ ᠰᠢᠳᠭᠡᠯ ᠢ ᠨᠤᠳᠠᠯᠠᠨ ᠵᠦᠪᠰᠢᠶᠡᠷᠡᠵᠠᠢ᠃ | ᠬᠤᠷᠠᠯ ᠠᠴᠠ ᠤᠷᠢᠶᠠᠯᠬᠠᠰᠠᠨ ᠨᠢ᠂ ᠪᠦᠬᠦ ᠣᠷᠣᠨ ᠤ ᠡᠯᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠣᠯᠣᠨ ᠦᠷᠭᠡᠨ | ᠣᠯᠠᠨ ᠨᠠᠮ ᠤᠨ ᠭᠡᠰᠢᠭᠦᠨ᠂ ᠺᠠᠳ᠋ᠷ ᠤᠯᠠᠨ ᠲᠦᠮᠡᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠦᠨᠳᠦᠷ ᠮᠠᠨᠳᠤᠭᠤᠯᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠ ᠶᠢᠨ | ᠳᠣᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠬᠢᠯᠢ ᠤᠷᠤᠨ ᠢᠶᠠᠨ ᠰᠠᠬᠢᠨ ᠬᠠᠮᠠᠭᠠᠯᠠᠵᠤ ᠠᠯᠤᠰ ᠢ ᠪᠠᠷᠠᠯᠠᠨ ᠬᠠᠷᠢᠯᠴᠠᠨ | ᠬᠠᠪᠰᠣᠷᠣᠯᠴᠠᠵᠤ᠂ ᠪᠦᠯᠬᠦᠮᠳᠡᠨ ᠲᠠᠮᠠᠴᠡᠵᠤ ᠪᠤᠴᠠᠯᠳᠠ ᠦᠭᠡᠢ ᠤᠷᠤᠬᠰᠢᠯᠠᠵᠣ᠂ ᠦᠪᠦᠷ ᠮᠤᠩᠭᠤᠯ ᠤᠨ ᠤᠳᠤᠬᠢᠴᠢᠯᠠᠬᠤ | ᠪᠦᠳᠦᠭᠡᠨ ᠪᠠᠶᠢᠭᠤᠯᠤᠯᠳᠠ ᠪᠠ ᠡᠬᠡ ᠣᠯᠣᠰ ᠤᠨ ᠣᠮᠠᠷᠠᠳᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ | ᠪᠣᠯᠭᠠᠨ ᠪᠦᠳᠦᠭᠡᠨ ᠪᠠᠶᠢᠭᠤᠯᠬᠤ ᠰᠢᠨᠡ ᠪᠠᠶᠢᠳᠠᠯ ᠢ ᠳᠠᠰᠣᠷᠠᠯᠳᠠ ᠦᠭᠡᠢ ᠨᠡᠭᠡᠭᠡᠬᠦ ᠬᠡᠷᠡᠭᠳᠡᠢ ᠭᠡᠪᠡ᠃ | |