ᠠᠷᠠᠳ ᠤᠨ ᠰᠦᠯᠵᠢᠶᠡ ᠶᠢᠨ 12 ᠰᠠᠷᠠ ᠶᠢᠨ 18 ᠡᠳᠦᠷ ᠦᠨ ᠴᠠᠬᠢᠯᠭᠠᠨ ᠮᠡᠳᠡᠭᠡ ᠳᠣᠷᠣᠨᠠ ᠮᠠᠨ ᠤ ᠤᠯᠤᠰ ᠤᠨ | ᠤᠭᠰᠠᠭᠠᠲᠠᠨ ᠵᠦᠢ ᠬᠦᠮᠦᠨ ᠲᠦᠷᠦᠯᠬᠢᠲᠡᠨ ᠰᠤᠳᠤᠯᠤᠯ ᠤᠨ ᠰᠢᠨᠵᠢᠯᠡᠭᠡᠨ ᠦ ᠰᠠᠯᠠᠭᠠ ᠶᠢᠨ ᠴᠡᠴᠡᠭᠯᠡᠨ ᠬᠦᠭᠵᠢᠬᠦ ᠪᠠ ᠰᠢᠨᠡ ᠶᠢ | ᠡᠭᠦᠳᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠤᠭᠰᠠᠭᠠᠲᠠᠨ ᠵᠦᠢ ᠬᠦᠮᠦᠨ ᠲᠦᠷᠦᠯᠬᠢᠲᠡᠨ ᠰᠤᠳᠤᠯᠤᠯ ᠤᠨ ᠰᠢᠨᠡ ᠶᠢ | ᠡᠭᠦᠳᠬᠦ ᠲᠡᠪᠴᠡᠩ ᠢ ᠡᠭᠦᠳᠦᠨ ᠪᠠᠶᠢᠭᠤᠯᠬᠤ ᠪᠡᠷ ᠵᠣᠷᠢᠯᠭᠠ ᠪᠠᠨ ᠪᠣᠯᠭᠠᠭᠰᠠᠨ 《ᠪᠦᠬᠦ ᠤᠯᠤᠰ ᠤᠨ ᠠᠩᠬᠠᠳᠤᠭᠠᠷ ᠤᠳᠠᠭᠠᠨ ᠤ | ᠤᠭᠰᠠᠭᠠᠲᠠᠨ ᠵᠦᠢ ᠬᠦᠮᠦᠨ ᠲᠦᠷᠦᠯᠬᠢᠲᠡᠨ ᠰᠣᠳᠣᠯᠣᠯ ᠤᠨ ᠳᠡᠭᠡᠳᠦ ᠶᠠᠷᠢᠯᠴᠠᠭᠠᠨ》 12 ᠰᠠᠷᠠ ᠶᠢᠨ 18 ᠡᠳᠦᠷ ᠥᠪᠥᠷ | ᠮᠣᠩᠭᠣᠯ ᠤᠨ ᠦᠨᠳᠦᠰᠦᠲᠡᠨ ᠦ ᠶᠡᠬᠡ ᠰᠤᠷᠭᠠᠭᠤᠯᠢ ᠳᠤ ᠡᠬᠢᠯᠡᠯᠡ᠃ | ᠲᠤᠰ ᠤᠳᠠᠭᠠᠨ ᠤ ᠳᠡᠭᠡᠳᠦ ᠶᠠᠷᠢᠯᠴᠠᠭᠠᠨ ᠥᠪᠥᠷ ᠮᠣᠩᠭᠣᠯ ᠤᠨ ᠦᠨᠳᠦᠰᠦᠲᠡᠨ ᠦ ᠶᠡᠬᠡ ᠰᠤᠷᠭᠠᠭᠤᠯᠢ᠂ ᠹᠦᠳᠠᠨ | ᠶᠡᠬᠡ ᠰᠤᠷᠭᠠᠭᠤᠯᠢ ᠶᠢᠨ ᠦᠨᠳᠦᠰᠦᠲᠡᠨ ᠰᠣᠳᠣᠯᠣᠯ ᠤᠨ ᠲᠥᠪ ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ ᠤᠨ | ᠦᠨᠳᠦᠰᠦᠲᠡᠨ ᠦ ᠶᠡᠬᠡ ᠰᠤᠷᠭᠠᠭᠤᠯᠢ ᠶᠢᠨ ᠦᠨᠳᠦᠰᠦᠲᠡᠨ ᠰᠣᠳᠣᠯᠣᠯ ᠤᠨ ᠲᠥᠪ᠂ ᠹᠦᠳᠠᠨ ᠶᠡᠬᠡ ᠰᠤᠷᠭᠠᠭᠤᠯᠢ ᠶᠢᠨ ᠦᠨᠳᠦᠰᠦᠲᠡᠨ | ᠰᠣᠳᠣᠯᠣᠯ ᠤᠨ ᠲᠥᠪ ᠦᠨ ᠥᠪᠥᠷ ᠮᠣᠩᠭᠣᠯ ᠤᠨ ᠦᠨᠳᠦᠰᠦᠲᠡᠨ ᠦ ᠶᠡᠬᠡ ᠰᠤᠷᠭᠠᠭᠤᠯᠢ ᠶᠢᠨ ᠰᠤᠳᠤᠯᠭᠠᠨ ᠤ ᠰᠠᠭᠤᠷᠢᠨ ᠭᠠᠵᠠᠷ᠂ | ᠥᠪᠥᠷ ᠮᠣᠩᠭᠣᠯ ᠤᠨ ᠦᠨᠳᠦᠰᠦᠲᠡᠨ ᠦ ᠶᠡᠬᠡ ᠰᠤᠷᠭᠠᠭᠤᠯᠢ ᠶᠢᠨ ᠮᠣᠩᠭᠣᠯ ᠰᠣᠳᠣᠯᠣᠯ ᠤᠨ ᠳᠡᠭᠡᠳᠦ ᠰᠤᠷᠭᠠᠭᠤᠯᠢ ᠠᠴᠠ | ᠳᠠᠭᠠᠭᠠᠴᠢᠯᠠᠨ ᠡᠷᠬᠢᠯᠡᠭᠰᠡᠨ ᠪᠠᠶᠢᠨᠠ᠃ | ᠳᠡᠭᠡᠳᠦ ᠶᠠᠷᠢᠯᠴᠠᠭᠠᠨ ᠳᠤ ᠳᠤᠮᠳᠠᠳᠤ ᠤᠯᠤᠰ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠥᠪ ᠦᠨ | ᠦᠨᠳᠦᠰᠦᠲᠡᠨ ᠦ ᠶᠡᠬᠡ ᠰᠤᠷᠭᠠᠭᠤᠯᠢ᠂ ᠹᠦᠳᠠᠨ ᠶᠡᠬᠡ ᠰᠤᠷᠭᠠᠭᠤᠯᠢ᠂ ᠨᠠᠨᠺᠠᠢ ᠶᠡᠬᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠬᠡ | ᠰᠤᠷᠭᠠᠭᠤᠯᠢ᠂ ᠳᠤᠮᠳᠠᠳᠤ ᠤᠯᠤᠰ ᠤᠨ ᠤᠯᠤᠰ ᠲᠥᠷᠥ ᠬᠠᠥᠯᠢ ᠴᠠᠭᠠᠵᠠ ᠶᠢᠨ ᠶᠡᠬᠡ ᠰᠤᠷᠭᠠᠭᠤᠯᠢ᠂ ᠥᠪᠥᠷ ᠮᠣᠩᠭᠣᠯ ᠤᠨ | ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠣᠯ ᠶᠡᠬᠡ ᠰᠤᠷᠭᠠᠭᠤᠯᠢ᠂ ᠣᠯᠠᠨ ᠤᠯᠤᠰ ᠤᠨ ᠬᠠᠷᠢᠯᠴᠠᠭᠠᠨ ᠤ | ᠳᠡᠭᠡᠳᠦ ᠰᠤᠷᠭᠠᠭᠤᠯᠢ᠂ ᠶᠦᠨᠨᠠᠨ ᠮᠤᠵᠢ ᠶᠢᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠣᠯ ᠤᠨ | ᠦᠨᠳᠦᠰᠦᠲᠡᠨ ᠦ ᠶᠡᠬᠡ ᠰᠤᠷᠭᠠᠭᠤᠯᠢ᠂ ᠥᠪᠥᠷ ᠮᠣᠩᠭᠣᠯ ᠤᠨ ᠲᠠᠷᠢᠶᠠᠯᠠᠩ ᠤᠨ ᠶᠡᠬᠡ ᠰᠤᠷᠭᠠᠭᠤᠯᠢ᠂ ᠶᠦᠨᠨᠠᠨ ᠤ ᠳ᠋ᠠ ᠯᠢ ᠶᠡᠬᠡ | ᠰᠤᠷᠭᠠᠭᠤᠯᠢ᠂ ᠬᠦᠯᠦᠨ ᠪᠤᠶᠢᠷ ᠳᠡᠭᠡᠳᠦ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ ᠪᠦᠬᠦ ᠤᠯᠤᠰ ᠤᠨ | ᠡᠯᠡ ᠭᠠᠵᠠᠷ ᠤᠨ ᠶᠡᠬᠡ ᠳᠡᠭᠡᠳᠦ ᠰᠤᠷᠭᠠᠭᠤᠯᠢ ᠵᠢᠴᠢ ᠡᠷᠳᠡᠮ ᠰᠢᠨᠵᠢᠯᠡᠭᠡᠨ ᠦ ᠪᠠᠶᠢᠭᠤᠯᠭᠠ ᠨᠢᠭᠡᠴᠡ ᠡᠴᠡ ᠬᠦᠷᠦᠯᠴᠠᠨ ᠢᠷᠡᠭᠰᠡᠨ 50 | ᠭᠠᠷᠤᠢ ᠲᠤᠰᠬᠠᠢ ᠮᠡᠷᠭᠡᠵᠢᠯᠲᠡᠨ ᠪᠠ ᠡᠷᠳᠡᠮᠲᠡᠨ ᠰᠣᠳᠣᠯᠣᠭᠴᠢ ᠶᠢ ᠪᠠᠭᠲᠠᠭᠠᠭᠰᠠᠨ 300 ᠭᠠᠷᠤᠢ ᠬᠦᠮᠦᠨ ᠣᠷᠣᠯᠴᠠᠨ《ᠨᠢᠭᠡ | ᠪᠦᠰᠡ ᠨᠢᠭᠡ ᠵᠠᠮ ᠪᠦᠲᠦᠭᠡᠨ ᠪᠠᠶᠢᠭᠤᠯᠤᠯᠲᠠ ᠬᠢᠭᠡᠳ ᠤᠭᠰᠠᠭᠠᠲᠠᠨ ᠵᠦᠢ᠂ ᠬᠦᠮᠦᠨ ᠲᠦᠷᠦᠯᠬᠢᠲᠡᠨ ᠰᠣᠳᠣᠯᠣᠯ ᠤᠨ | ᠂ ᠤᠭᠰᠠᠭᠠᠲᠠᠨ ᠵᠦᠢ ᠬᠦᠮᠦᠨ ᠲᠦᠷᠦᠯᠬᠢᠲᠡᠨ ᠰᠣᠳᠣᠯᠣᠯ ᠤᠨ ᠰᠢᠨᠵᠢᠯᠡᠭᠡᠨ ᠦ ᠰᠦᠪᠡᠭᠴᠢᠯᠡᠯᠲᠡ᠂ ᠤᠭᠰᠠᠭᠠᠲᠠᠨ | ᠵᠦᠢ ᠬᠦᠮᠦᠨ ᠲᠦᠷᠦᠯᠬᠢᠲᠡᠨ ᠰᠤᠳᠤᠯᠤᠯ ᠤᠨ ᠰᠢᠨᠵᠢᠯᠡᠭᠡᠨ ᠦ ᠂ ᠲᠤᠷᠰᠢᠯᠭᠠ ᠬᠢᠭᠡᠳ ᠰᠤᠳᠤᠯᠭᠠᠨ᠂ ᠤᠭᠰᠠᠭᠠᠲᠠᠨ | ᠵᠦᠢ ᠬᠦᠮᠦᠨ ᠲᠦᠷᠦᠯᠬᠢᠲᠡᠨ ᠦ ᠰᠣᠳᠣᠯᠣᠯ ᠤᠨ ᠣᠨᠣᠯ ᠬᠢᠭᠡᠳ ᠠᠷᠭᠠ᠂ ᠤᠭᠰᠠᠭᠠᠲᠠᠨ ᠵᠦᠢ ᠬᠦᠮᠦᠨ ᠲᠦᠷᠦᠯᠬᠢᠲᠡᠨ ᠰᠣᠳᠣᠯᠣᠯ ᠤᠨ | ᠬᠦᠭᠵᠢᠯᠲᠡ ᠶᠢᠨ ᠪᠠᠶᠢᠳᠠᠯ ᠬᠢᠭᠡᠳ ᠬᠦᠭᠵᠢᠯᠲᠡ ᠶᠢᠨ ᠬᠠᠨᠳᠤᠰᠢ᠂ ᠤᠭᠰᠠᠭᠠᠲᠠᠨ ᠵᠦᠢ ᠬᠦᠮᠦᠨ ᠲᠦᠷᠦᠯᠬᠢᠲᠡᠨ ᠰᠣᠳᠣᠯᠣᠯ ᠤᠨ | ᠰᠤᠳᠤᠯᠭᠠᠨ ᠤ ᠲᠡᠪᠴᠡᠩ ᠪᠦᠲᠦᠭᠡᠨ ᠵᠡᠷᠭᠡ ᠠᠰᠠᠭᠤᠳᠠᠯ ᠤᠨ ᠲᠣᠭᠣᠷᠢᠨ ᠳᠤ ᠶᠠᠷᠢᠯᠴᠠᠨ | ᠰᠤᠳᠤᠯᠵᠠᠭᠠᠭᠰᠠᠨ ᠪᠠᠶᠢᠨᠠ᠃ | ᠲᠤᠰ ᠤᠳᠠᠭᠠᠨ ᠤ ᠳᠡᠭᠡᠳᠦ ᠶᠠᠷᠢᠯᠴᠠᠭᠠᠨ ᠨᠢ 18᠂19 ᠬᠣᠶᠠᠷ ᠡᠳᠦᠷ ᠶᠠᠪᠤᠭᠳᠠᠬᠤ ᠪᠣᠯᠣᠨᠠ᠃ | |