ᠰᠤᠷᠪᠤᠯᠵᠢᠯᠠᠭᠴᠢ ᠠᠯᠠᠱᠠ ᠠᠶᠢᠮᠠᠭ ᠤᠨ ᠠᠶᠠᠯᠠᠯ ᠵᠢᠭᠤᠯᠴᠢᠯᠠᠯ ᠤᠨ ᠲᠤᠪᠴᠢᠶᠠ ᠡᠴᠡ ᠤᠶᠢᠯᠠᠭᠠᠭᠰᠠᠨ ᠢᠶᠡᠷ᠂ ᠲᠦᠷᠦ ᠶᠢᠨ | ᠶᠠᠪᠤᠳᠠᠯ ᠤᠨ ᠬᠤᠷᠢᠶᠠ ᠶᠢᠨ ᠲᠦᠷᠦᠭᠦᠬᠡᠨ ᠲᠠᠷᠤᠮᠠᠯᠯᠠᠨ ᠲᠠᠷᠬᠠᠭᠠᠬᠰᠠᠨ《〈13•5〉 ᠤᠨ ᠠᠶᠠᠯᠠᠯ ᠵᠢᠭᠤᠯᠴᠢᠯᠠᠯ ᠤᠨ | ᠦᠢᠯᠡᠰ ᠤᠨ ᠬᠦᠭ᠍ᠵᠢᠯᠳᠡ ᠶᠢᠨ ᠲᠦᠰᠦᠯ》 ᠳᠤ ᠠᠶᠠᠯᠠᠯ ᠵᠢᠭᠤᠯᠴᠢᠯᠠᠯ ᠤᠨ ᠦᠢᠯᠡᠰ ᠤᠨ ᠪᠦᠲᠦᠴᠡ ᠶᠢ ᠰᠢᠯᠢᠳᠡᠭ᠍ᠵᠢᠬᠦᠯᠵᠤ᠂ ᠤᠷᠤᠨ | ᠪᠦᠰᠡ ᠠᠯᠤᠰᠯᠠᠭᠰᠠᠨ ᠠᠶᠠᠯᠠᠯ ᠵᠢᠭᠤᠯᠴᠢᠯᠠᠯ ᠤᠨ 5 ᠶᠢᠨ ᠪᠦᠯᠦᠭ ᠢ ᠬᠦᠴᠦᠷᠭᠡᠭ᠍ᠵᠢᠬᠦᠯᠤᠨ᠂ ᠤᠷᠤᠨ ᠪᠦᠰᠡ ᠠᠯᠤᠰᠯᠠᠭᠰᠠᠨ | ᠠᠶᠠᠯᠠᠯ ᠵᠢᠭᠤᠯᠴᠢᠯᠠᠯ ᠤᠨ 20 ᠴᠢᠳᠠᠪᠬᠢᠳᠤ ᠤᠷᠤᠨ ᠢ ᠪᠠᠢᠢᠭᠤᠯᠵᠦ᠂ ᠤᠯᠤᠰ ᠤᠨ ᠰᠤᠳᠤᠨ ᠠᠶᠠᠯᠠᠯ ᠵᠢᠭᠤᠯᠴᠢᠯᠠᠯ ᠤᠨ 10 ᠵᠤᠷᠪᠤᠰ | ᠪᠦᠰᠡ ᠭᠠᠷᠭᠠᠵᠦ᠂ ᠤᠯᠤᠰ ᠤᠨ ᠠᠶᠠᠯᠠᠯ ᠵᠢᠭᠤᠯᠴᠢᠯᠠᠯ ᠤᠨ 25 ᠵᠤᠷᠪᠤᠰ ᠦᠵᠡᠮᠦᠷᠢ ᠶᠢᠨ ᠵᠠᠮ ᠢ ᠴᠤᠬᠴᠠᠯᠬᠠᠤ ᠶᠢᠨ ᠬᠠᠮᠲᠤ | ᠤᠨᠴᠠᠯᠢᠭᠳᠤ ᠠᠶᠠᠯᠠᠯ ᠵᠢᠭᠤᠯᠴᠢᠯᠠᠯ ᠤᠨ 8 ᠤᠷᠤᠨ ᠢ ᠪᠠᠶᠢᠭᠤᠯᠤᠨᠠ ᠭᠡᠵᠡᠢ᠃ ᠡᠬᠦᠨ ᠳᠤ ᠠᠯᠠᠱᠠ ᠠᠶᠢᠮᠠᠭ ᠤᠨ | ᠪᠠᠳᠠᠢ ᠶᠢᠨ ᠵᠢᠷᠠᠨ᠂ ᠲᠡᠭᠷᠢ ᠡᠯᠡᠰᠦ ᠡᠯᠡᠰᠦᠨ ᠴᠦᠯ ᠤᠨ ᠠᠶᠠᠯᠠᠯ ᠵᠢᠭᠤᠯᠴᠢᠯᠠᠯ ᠤᠨ ᠭᠤᠤᠯ ᠤᠷᠤᠨ ᠵᠢᠬᠰᠠᠭᠠᠬᠳᠠᠵᠦ᠂ | ᠬᠠᠯᠲᠠᠷ ᠨᠠᠭᠤᠷ ᠠᠯᠠᠱᠠ ᠠᠭᠤᠯᠠ ᠯᠢᠦ ᠫᠠᠨ ᠱᠠᠨ ᠠᠭᠤᠯᠠ ᠶᠢᠨ ᠦᠵᠡᠮᠦᠷᠢ ᠶᠢᠨ ᠵᠠᠮ ᠪᠦᠷᠢᠳᠬᠡᠭᠦᠯᠦᠭᠰᠡᠨ ᠪᠠᠶᠢᠨᠠ᠃ | |