ᠡᠨᠡ ᠵᠢᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠴᠦᠬᠡᠨ ᠳᠤᠭᠠᠳᠤ ᠦᠨᠳᠦᠰᠦᠳᠡᠨ ᠤ ᠳᠤᠰᠬᠠᠢ | ᠮᠡᠷᠬᠡᠵᠢᠯ ᠤᠨ ᠴᠢᠳᠠᠪᠤᠷᠢᠳᠠᠨ ᠢ ᠤᠨᠴᠠᠯᠠᠨ ᠬᠦᠮᠦᠵᠢᠬᠦᠯᠬᠦ ᠳᠦᠯᠦᠪᠯᠡᠬᠡ ᠪᠡᠨ ᠦᠷᠬᠦᠯᠵᠢᠯᠡᠨ ᠬᠡᠷᠡᠭᠵᠢᠬᠦᠯᠵᠤ᠂ 2017 ᠤᠨ ᠳᠤ | ᠨᠡᠶᠢᠳᠡ 100 ᠴᠢᠳᠠᠪᠤᠷᠢᠳᠠᠨ ᠬᠦᠮᠦᠵᠢᠬᠦᠯᠬᠦ ᠪᠡᠷ ᠪᠠᠶᠢᠨᠠ᠃ | ᠤᠶᠢᠯᠠᠭᠠᠭᠰᠠᠨ ᠢᠶᠡᠷ᠂ ᠤᠨᠴᠠᠯᠠᠨ ᠬᠦᠮᠦᠵᠢᠬᠦᠯᠬᠦ ᠳᠦᠯᠦᠪᠯᠡᠬᠡᠨ ᠳᠤ ᠭᠤᠤᠯᠳᠠᠭᠤ ᠳᠤᠮᠳᠠ ᠳᠡᠬᠡᠳᠦ ᠵᠡᠷᠬᠡᠯᠡᠯ ᠤᠨ ᠳᠤᠰᠬᠠᠢ | ᠮᠡᠷᠬᠡᠵᠢᠯ ᠤᠨ ᠦᠨᠡᠮᠯᠡᠯ ᠲᠠᠢ ᠪᠤᠶᠤ ᠦᠨᠳᠦᠰᠦᠨ ᠠᠩᠬᠢ ᠶᠢᠨ ᠰᠤᠷᠤᠯᠭᠠ ᠶᠢᠨ ᠨᠠᠮᠳᠠᠷ ᠲᠠᠢ ᠴᠦᠬᠡᠨ ᠳᠤᠭᠠᠳᠤ ᠦᠨᠳᠦᠰᠦᠳᠡᠨ ᠤ | ᠳᠤᠰᠬᠠᠢ ᠮᠡᠷᠬᠡᠵᠢᠯ ᠤᠨ ᠴᠢᠳᠠᠪᠤᠷᠢᠳᠠᠨ; ᠳᠤᠰᠬᠠᠢ ᠮᠡᠷᠬᠡᠵᠢᠯ ᠤᠨ ᠴᠠᠷᠠ ᠬᠦᠷᠢᠶᠡ᠂ ᠬᠦᠨᠳᠦ ᠴᠢᠬᠤᠯᠠ ᠳᠦᠰᠦᠯ ᠳᠡᠬᠢ ᠴᠦᠬᠡᠨ | ᠳᠤᠭᠠᠳᠤ ᠦᠨᠳᠦᠰᠦᠳᠡᠨ ᠤ ᠳᠤᠰᠬᠠᠢ ᠮᠡᠷᠬᠡᠵᠢᠯ ᠤᠨ ᠴᠢᠳᠠᠪᠤᠷᠢᠳᠠᠨ; ᠪᠠᠷᠢᠯᠭᠠ᠂ ᠰᠤᠷᠭᠠᠨ ᠬᠦᠮᠦᠵᠢᠯ᠂ ᠡᠷᠡᠬᠦᠯ ᠮᠡᠨᠳᠦ᠂ ᠬᠦᠳᠡᠬᠡ | ᠠᠵᠤ ᠠᠬᠤᠢ᠂ ᠰᠢᠨᠵᠢᠯᠡᠬᠦ ᠲᠧᠭᠨᠤᠯᠤᠬᠢ ᠵᠡᠷᠬᠡ ᠡᠳ᠋ ᠤᠨ ᠵᠠᠰᠠᠭ ᠤᠨ ᠬᠦᠭᠵᠢᠯᠳᠡ ᠪᠠ ᠨᠡᠶᠢᠬᠡᠮ ᠤᠨ ᠪᠠᠶᠢᠭᠤᠯᠤᠯᠳᠠ ᠳᠤᠮᠳᠠ ᠪᠠᠴᠢᠮ | ᠱᠠᠭᠠᠷᠳᠠᠭᠳᠠᠵᠤ ᠪᠠᠶᠢᠭᠠ ᠴᠦᠬᠡᠨ ᠳᠤᠭᠠᠳᠤ ᠦᠨᠳᠦᠰᠦᠳᠡᠨ ᠤ ᠳᠤᠰᠬᠠᠢ ᠮᠡᠷᠬᠡᠵᠢᠯ ᠤᠨ ᠴᠢᠳᠠᠪᠤᠷᠢᠳᠠᠨ; ᠪᠤᠰᠤᠳ ᠳᠤᠰᠬᠠᠢ ᠮᠡᠷᠬᠡᠵᠢᠯ | ᠪᠤᠯᠤᠨ ᠰᠠᠯᠪᠤᠷᠢ ᠳ᠋ᠡᠬᠢ ᠵᠤᠬᠢᠬᠤ ᠬᠦᠭᠵᠢᠯ ᠤᠨ ᠢᠷᠡᠬᠡᠳᠦᠢ ᠲᠠᠢ ᠬᠡᠰᠡᠨ ᠴᠦᠬᠡᠨ ᠳᠤᠭᠠᠳᠤ ᠦᠨᠳᠦᠰᠦᠳᠡᠨ ᠤ ᠳᠤᠰᠬᠠᠢ ᠮᠡᠷᠬᠡᠵᠢᠯ ᠤᠨ | ᠰᠢᠯᠢᠳᠡᠭ ᠴᠢᠳᠠᠪᠤᠷᠢᠳᠠᠨ ᠨᠤᠭᠤᠳ ᠤᠨ ᠳᠤᠮᠳᠠ ᠡᠴᠡ ᠰᠢᠯᠭᠠᠷᠠᠭᠤᠯᠵᠤ ᠡᠯᠰᠡᠨᠡ᠃ ᠡᠯᠰᠡᠭᠳᠡᠭᠰᠡᠳ ᠤᠷᠤᠨ ᠤ ᠭᠠᠳᠠᠨᠠ ᠪᠤᠶᠤ | ᠤᠷᠤᠨ ᠤ ᠳᠤᠳᠤᠷᠠ ᠪᠤᠯᠪᠠᠰᠤᠷᠠᠯ ᠬᠦᠷᠳᠡᠬᠡᠬᠦ ᠵᠡᠷᠬᠡ ᠬᠤᠶᠠᠷ ᠵᠦᠢᠯ ᠤᠨ ᠠᠷᠭᠠ ᠬᠡᠯᠪᠡᠷᠢ ᠪᠡᠷ ᠳᠤᠰ ᠳᠤᠰ 50 ᠴᠢᠳᠠᠪᠤᠷᠢᠳᠠᠨ ᠢ | ᠤᠨᠴᠠᠯᠠᠨ ᠬᠦᠮᠦᠵᠢᠬᠦᠯᠦᠨᠡ᠃ | ᠡᠨᠡᠬᠦ ᠤᠨᠴᠠᠯᠠᠨ ᠬᠦᠮᠦᠵᠢᠬᠦᠯᠬᠦ ᠳᠦᠯᠦᠪᠯᠡᠬᠡ 2013 ᠤᠨ ᠳᠤ ᠡᠬᠢᠯᠡᠵᠤ ᠬᠡᠷᠡᠭᠵᠢᠬᠦᠯᠦᠭᠳᠡᠭᠰᠡᠨ ᠡᠴᠡ ᠨᠠᠭᠠᠰᠢ 2016 | ᠤᠨ ᠪᠤᠯᠳᠠᠯᠠ᠂ ᠴᠦᠬᠡᠨ ᠳᠤᠭᠠᠳᠤ ᠦᠨᠳᠦᠰᠦᠳᠡᠨ ᠤ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠨᠡᠶᠢᠳᠡ 320 ᠬᠦᠮᠦᠵᠢᠬᠦᠯᠵᠡᠢ᠃ | | |