ᠰᠤᠷᠪᠤᠯᠵᠢᠯᠠᠭᠴᠢ 3 ᠰᠠᠷᠠ ᠶᠢᠨ 21 ᠡᠳᠦᠷ ᠰᠢᠨᠵᠢᠶᠠᠩ ᠤᠨ ᠤᠶᠢᠭᠤᠷ ᠤᠨ ᠦᠪᠡᠷᠳᠡᠬᠡᠨ ᠵᠠᠰᠠᠬᠤ ᠤᠷᠤᠨ ᠤ | ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠪᠠᠶᠠᠨᠭᠤᠤᠯ ᠮᠤᠩᠭᠤᠯ ᠦᠨᠳᠦᠰᠦᠳᠡᠨ ᠤ ᠦᠪᠡᠷᠳᠡᠬᠡᠨ | ᠵᠠᠰᠠᠬᠤ ᠵᠧᠤ ᠶᠢᠨ ᠡᠾᠧᠵᠢᠩ ᠰᠢᠶᠠᠨ ᠤ ᠪᠠᠶᠠᠨᠪᠤᠯᠠᠭ ᠪᠠᠯᠭᠠᠰᠤᠨ ᠳᠤ ᠨᠢᠰᠬᠦ ᠤᠩᠭᠤᠴᠠᠨ ᠤ ᠪᠠᠭᠤᠳᠠᠯ ᠪᠠᠶᠢᠭᠤᠯᠬᠤ ᠪᠡᠷ ᠪᠤᠯᠵᠤ᠂ | ᠪᠠᠯᠭᠠᠰᠤᠨ ᠤ ᠳᠦᠪ ᠡᠴᠡ ᠪᠠᠷᠠᠭᠤᠨ ᠡᠮᠦᠨᠡᠰᠢ 13.5 ᠺᠢᠯᠤᠮᠧᠲ᠋ᠷ ᠤᠨ ᠵᠠᠢ ᠳᠤ ᠪᠠᠷᠢᠯᠭᠠ ᠶᠢᠨ ᠭᠠᠵᠠᠷ ᠢ ᠰᠤᠩᠭᠤᠭᠠᠳ ᠪᠠᠶᠢᠨᠠ᠃ | ᠤᠳᠤᠬᠠᠨ ᠳᠤ᠂ ᠰᠢᠨᠵᠢᠶᠠᠩ ᠤᠨ ᠨᠢᠬᠡᠨᠳᠡ ᠠᠰᠢᠭᠯᠠᠯᠳᠠ ᠳᠤ ᠤᠷᠤᠭᠰᠠᠨ ᠨᠢᠰᠬᠦ ᠤᠩᠭᠤᠴᠠᠨ ᠤ ᠪᠠᠭᠤᠳᠠᠯ ᠨᠡᠶᠢᠳᠡ 18 | ᠪᠠᠶᠢᠵᠤ᠂ ᠮᠠᠨ ᠤ ᠤᠯᠤᠰ ᠤᠨ ᠨᠢᠰᠬᠦ ᠤᠩᠭᠤᠴᠠᠨ ᠤ ᠪᠠᠭᠤᠳᠠᠯ ᠢᠶᠡᠷ ᠬᠠᠮᠤᠭ ᠤᠨ ᠤᠯᠠᠨ ᠮᠤᠵᠢ ᠤᠷᠤᠨ ᠪᠤᠯᠤᠭᠰᠠᠨ ᠪᠠᠶᠢᠨᠠ᠃ | |