ᠰᠤᠷᠪᠤᠯᠵᠢᠯᠠᠭᠴᠢ ᠬᠦᠬᠡᠬᠤᠲᠠ ᠶᠢᠨ ᠤᠷᠤᠨ ᠰᠠᠭᠤᠴᠠ ᠬᠢᠭᠡᠳ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠵᠦᠪᠯᠡᠯ ᠡᠴᠡ ᠤᠶᠢᠯᠠᠭᠠᠭᠰᠠᠨ ᠢᠶᠡᠷ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭᠠ ᠪᠡᠷ᠂ ᠬᠤᠲᠠ ᠶᠢᠨ | ᠵᠠᠰᠠᠭ ᠤᠨ ᠤᠷᠳᠤᠨ ᠤ ᠪᠠᠴᠢᠮ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠬᠤᠲᠠ ᠶᠢᠨ ᠵᠠᠰᠠᠭ ᠤᠨ ᠤᠷᠳᠤᠨ ᠤ ᠵᠠᠮ ᠵᠡᠭᠡᠯᠢ᠂ | ᠵᠠᠮ ᠤᠨ ᠳ᠋ᠸᠩ ᠵᠢᠴᠢ ᠭᠡᠷᠡᠯᠲᠤᠴᠡ ᠶᠢᠨ ᠪᠠᠶᠢᠳᠠᠯ᠂ ᠲᠤᠯᠠᠭᠠᠯᠠᠯᠭᠠ ᠂ ᠰᠢᠲᠠᠮᠠᠬᠠᠢ ᠬᠡᠢ ᠶᠢᠨ ᠬᠠᠮᠢᠶᠠᠷᠤᠯᠲᠠ᠂ ᠬᠠᠮᠠᠭᠠᠯᠠᠯᠲᠠ | ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠪᠦᠲᠦᠮᠵᠢᠲᠠᠢ ᠵᠢᠯᠤᠭᠤᠳᠬᠤ ᠶᠢᠨ ᠲᠦᠯᠦᠭᠡ᠂ ᠦᠨᠦ ᠵᠢᠯ ᠬᠦᠬᠡᠬᠤᠲᠠ ᠬᠤᠲᠠ | ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠤᠶᠤᠨᠴᠢ ᠰᠤᠷᠠᠭ ᠵᠠᠩᠭᠢ ᠶᠢᠨ ᠲᠦᠪ ᠤᠨ ᠲᠠᠪᠴᠠᠩ ᠢ ᠪᠠᠶᠢᠭᠤᠯᠬᠤ ᠪᠡᠷ ᠪᠤᠢ᠂ | ᠤᠳᠤᠬᠠᠨ ᠳᠤ ᠲᠤᠰ ᠲᠦᠰᠦᠯ ᠨᠢ ᠡᠮᠦᠨᠠ ᠬᠤᠭᠤᠴᠠᠭᠠᠨ ᠤ ᠪᠡᠯᠡᠳᠭᠡᠯ ᠤᠨ ᠱᠠᠲᠤᠨ ᠳᠤ ᠪᠡᠨ ᠪᠠᠶᠢᠨᠠ᠃ | ᠤᠶᠢᠯᠠᠭᠠᠭᠰᠠᠨ ᠢᠶᠡᠷ᠂ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠤᠶᠤᠨᠴᠢ ᠰᠤᠷᠠᠭ ᠵᠠᠩᠭᠢ ᠶᠢᠨ ᠲᠦᠪ ᠤᠨ | ᠲᠠᠪᠴᠠᠩ ᠳᠤ ᠨᠢᠭᠡ ᠲᠠᠪᠴᠠᠩ (ᠬᠤᠲᠠ ᠶᠢᠨ ᠰᠠᠭᠤᠷᠢ ᠲᠦᠬᠦᠭᠡᠷᠦᠮᠵᠢ ᠶᠢᠨ ᠤᠶᠤᠨᠴᠢ ᠰᠤᠷᠠᠭ ᠵᠠᠩᠭᠢ ᠶᠢᠨ ᠲᠠᠪᠴᠠᠩ)᠂ ᠬᠤᠶᠠᠷ | ᠰᠢᠰᠲ᠋ᠧᠮ (ᠬᠤᠲᠠ ᠶᠢᠨ ᠵᠠᠰᠠᠭ ᠤᠨ ᠤᠷᠳᠤᠨ ᠤ ᠵᠡᠭᠡᠯᠢ ᠭᠤᠳᠤᠮᠵᠢ ᠶᠢᠨ ᠤᠶᠤᠨᠴᠢ ᠰᠤᠷᠠᠭ ᠵᠠᠩᠭᠢ ᠶᠢᠨ ᠰᠢᠰᠲ᠋ᠸᠮ᠂ ᠲᠤᠯᠠᠭᠠᠯᠠᠯᠭᠠ | ᠵᠢᠴᠢ ᠰᠢᠲᠠᠮᠠᠬᠠᠢ ᠬᠡᠢ ᠶᠢᠨ ᠤᠶᠤᠨᠴᠢ ᠰᠤᠷᠠᠭ ᠵᠠᠩᠭᠢ ᠶᠢᠨ ᠰᠢᠰᠲ᠋ᠧᠮ)᠂ ᠬᠤᠶᠠᠷ ᠰᠠᠯᠠᠭᠠ ᠪᠠᠭ (ᠬᠤᠲᠠ ᠶᠢᠨ ᠵᠠᠰᠠᠭ ᠤᠨ | ᠤᠷᠳᠤᠨ ᠤ ᠵᠡᠭᠡᠯᠢ ᠭᠤᠳᠤᠮᠵᠢ ᠶᠢᠨ ᠪᠠᠴᠢᠮ ᠰᠡᠯᠪᠢᠨ ᠵᠠᠰᠠᠯᠲᠠ ᠶᠢᠨ ᠪᠠᠭ᠂ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠪᠠᠴᠢᠮ | ᠰᠡᠯᠪᠢᠨ ᠵᠠᠰᠠᠯᠲᠠ ᠶᠢᠨ ᠪᠠᠭ) ᠪᠠᠭᠲᠠᠭᠠᠵᠤ ᠪᠠᠶᠢᠨᠠ᠃ ᠲᠤᠰ ᠲᠠᠪᠴᠠᠩ ᠤᠨ ᠪᠠᠶᠢᠭᠤᠯᠤᠭᠳᠠᠬᠤ ᠨᠢ ᠤᠶᠤᠨᠴᠢ ᠬᠤᠲᠠ ᠶᠢᠨ | ᠬᠠᠮᠢᠶᠤᠷᠤᠯᠲᠠ ᠶᠢᠨ ᠰᠢᠰᠲ᠋ᠸᠮ ᠢ ᠨᠢᠭᠡᠳᠦᠯᠲᠠᠢ ᠬᠤᠯᠪᠤᠵᠤ᠂ ᠰᠤᠷᠠᠭ ᠵᠠᠩᠭᠢ ᠶᠢᠨ ᠰᠤᠷᠪᠤᠯᠵᠢ ᠶᠢᠨ ᠬᠤᠪᠢᠶᠠᠯᠴᠠᠯ ᠢ ᠪᠡᠶᠡᠯᠡᠭᠦᠯᠦᠨᠠ᠃ | | ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ | |