ᠬᠦᠬᠡᠬᠤᠲᠠ ᠶᠢᠨ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠲᠤᠪᠴᠢᠶᠠ ᠡᠴᠡ ᠰᠠᠨᠠᠭᠠᠴᠢᠯᠠᠵᠤ᠂ | ᠬᠤᠲᠠ ᠶᠢᠨ ᠴᠢᠳᠠᠪᠤᠷᠢᠲᠠᠨ ᠤ ᠥᠢᠯᠡᠴᠢᠯᠡᠬᠡᠨ ᠤ ᠲᠦᠪ ᠪᠠ ᠡᠯᠠ ᠠᠶᠢᠮᠠᠭ ᠬᠤᠲᠠ ᠶᠢᠨ ᠬᠦᠮᠦᠨ ᠤ ᠨᠦᠬᠡᠴᠡ ᠶᠢᠨ | ᠥᠢᠯᠡᠴᠢᠯᠡᠬᠡᠨ ᠤ ᠪᠠᠶᠢᠭᠤᠯᠤᠮᠵᠢ ᠡᠴᠡ ᠵᠣᠬᠢᠶᠠᠨ ᠪᠠᠶᠢᠭᠤᠯᠤᠭᠰᠠᠨ 《ᠬᠦᠬᠡᠬᠤᠲᠠ ᠪᠤᠭᠤᠲᠤ ᠤᠷᠳᠤᠰ ᠵᠢᠴᠢ ᠡᠷᠬᠢᠨ | ᠲᠤᠭᠤᠷᠢᠨ ᠤ ᠠᠶᠢᠮᠠᠭ ᠬᠤᠲᠠ ᠶᠢᠨ ᠴᠢᠳᠠᠪᠤᠷᠢᠲᠠᠨ ᠡᠯᠰᠡᠬᠦ ᠬᠠᠮᠳᠤᠷᠠᠬᠰᠠᠨ ᠴᠤᠭᠯᠠᠭᠠᠨ》5 ᠰᠠᠷᠠ ᠶᠢᠨ 6 ᠡᠳᠦᠷ ᠥᠪᠥᠷ | ᠮᠣᠩᠭᠣᠯ ᠤᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠶᠠᠪᠤᠭᠳᠠᠨᠠ᠃ | | ᠲᠤᠰ ᠤᠳᠠᠭᠠᠨ ᠤ ᠴᠢᠳᠠᠪᠤᠷᠢᠲᠠᠨ ᠡᠯᠰᠡᠬᠦ ᠴᠤᠭᠯᠠᠭᠠᠨ ᠳᠤ᠂ ᠬᠦᠬᠡᠬᠤᠲᠠ ᠪᠤᠭᠤᠲᠤ ᠤᠷᠳᠤᠰ ᠵᠢᠴᠢ ᠡᠷᠬᠢᠨ | ᠲᠤᠭᠤᠷᠢᠨ ᠤ ᠠᠶᠢᠮᠠᠭ ᠬᠤᠲᠠ ᠶᠢᠨ 600 ᠳᠤᠮᠳᠠ ᠪᠠᠭᠠ ᠠᠵᠤ ᠠᠬᠤᠶᠢᠯᠠᠯ ᠵᠢᠴᠢ ᠴᠢᠳᠡᠪᠤᠷᠢᠲᠠᠨ ᠬᠡᠷᠡᠭᠰᠡᠬᠦ ᠡᠯᠠ | ᠲᠦᠷᠦᠯ ᠤᠨ ᠪᠠᠶᠢᠭᠤᠯᠤᠯᠭᠠ ᠤᠷᠤᠯᠴᠠᠬᠤ ᠪᠡᠷ ᠪᠤᠯᠵᠤ᠂ ᠬᠦᠨᠡᠰᠦ᠂ ᠬᠤᠭᠤᠯᠠ ᠤᠮᠳᠠ᠂ ᠡᠷᠦᠬᠡ ᠶᠢᠨ ᠥᠢᠯᠡᠴᠢᠯᠡᠭᠡ᠂ | ᠬᠦᠳᠡᠯᠮᠦᠷᠢ ᠬᠦᠴᠦ᠂ ᠡᠨᠧᠷᠬᠢ᠂ ᠬᠢᠮᠢ ᠶᠢᠨ ᠠᠵᠤ ᠥᠢᠯᠡᠳᠪᠦᠷᠢ᠂ ᠴᠠᠬᠢᠯᠭᠠᠨ ᠡᠷᠴᠢᠮ ᠬᠦᠴᠦ᠂ ᠬᠦᠳᠡᠬᠡ ᠠᠵᠤ ᠠᠬᠤᠶᠢᠯᠠᠯ | ᠵᠡᠷᠭᠡ ᠤᠯᠠᠨ ᠠᠵᠢᠯ ᠲᠦᠷᠦᠯ ᠢ ᠬᠠᠮᠤᠷᠤᠨᠠ᠃ | ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ |