ᠭᠤᠷᠪᠠᠨ ᠬᠣᠨᠣᠭ ᠤᠨ ᠠᠮᠠᠷᠠᠯᠲᠠ ᠶᠢᠨ ᠬᠤᠭᠤᠴᠠᠭᠠᠨ ᠳ᠋ᠤ ᠂ ᠠᠶᠠᠯᠠᠯ ᠵᠢᠭᠤᠯᠴᠢᠯᠠᠯ ᠨᠢ ᠠᠵᠤ ᠠᠬᠤᠢ ᠶᠢᠨ | ᠨᠡᠮᠡᠭᠳᠡᠯ ᠦᠨ ᠨᠢᠭᠡᠨ ᠭᠣᠣᠯ ᠠᠭᠤᠯᠭᠠ ᠪᠣᠯᠣᠭᠰᠠᠨ ᠶᠤᠮ ᠃ ᠤᠯᠤᠰ ᠤᠨ ᠠᠶᠠᠯᠠᠯ ᠵᠢᠭᠤᠯᠴᠢᠯᠠᠯ ᠤᠨ ᠲᠣᠪᠴᠢᠶᠠᠨ ᠤ ᠲᠣᠭᠠ | ᠪᠠᠷᠢᠮᠲᠠ ᠶᠢᠨ ᠲᠥᠪ ᠤᠨ ᠤᠷᠢᠳᠴᠢᠯᠠᠨ ᠲᠤᠭᠠᠴᠠᠭᠠᠯᠠᠭᠰᠠᠨ ᠢᠶᠡᠷ᠂ ᠤᠯᠤᠰ ᠳᠠᠶᠠᠭᠠᠷ ᠲᠤ ᠨᠡᠶᠢᠲᠡ ᠳᠠᠪᠬᠤᠷᠳᠠᠭᠰᠠᠨ ᠲᠣᠭᠠ ᠪᠠᠷ | ᠨᠢᠭᠡ ᠳ᠋ᠦᠩᠰᠢᠭᠤᠷ ᠭᠤᠷᠪᠠᠨ ᠳᠥᠷᠪᠡᠨ ᠵᠠᠭᠤᠨ ᠲᠦᠮᠡᠨ ᠵᠢᠭᠤᠯᠴᠢᠨ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ | ᠬᠢ ᠡᠴᠡ 14.4 % ᠪᠡᠷ ᠨᠡᠮᠡᠭᠳᠡᠵᠦ ᠂ ᠠᠶᠠᠯᠠᠯ ᠵᠢᠭᠤᠯᠴᠢᠯᠠᠯ ᠤᠨ ᠶᠡᠷᠦᠩᠬᠡᠢ ᠣᠷᠣᠯᠭᠠ ᠨᠢ 791 ᠳ᠋ᠦᠩᠰᠢᠭᠤᠷ | ᠲᠤ ᠬᠦᠷᠴᠦ ᠂ ᠠᠳᠠᠯᠢ ᠬᠤᠭᠤᠴᠠᠭᠠᠨ ᠤ ᠬᠢ ᠡᠴᠡ 16.2 % ᠪᠡᠷ ᠨᠡᠮᠡᠭᠳᠡᠭᠰᠡᠨ ᠪᠠᠶᠢᠨᠠ ᠃ ᠡᠨᠡ ᠲᠣᠭᠠ | ᠪᠠᠷᠢᠮᠲᠠ ᠠᠮᠠᠷᠠᠯᠲᠠ ᠶᠢᠨ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠬᠡᠷᠡᠭᠯᠡᠭᠡᠨ ᠦ ᠳᠠᠯᠳᠠ ᠬᠦᠴᠦ ᠶᠢ ᠬᠠᠷᠠᠭᠤᠯᠤᠭᠰᠠᠨ | ᠮᠥᠷᠲᠡᠭᠡᠨ ᠳᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠡᠷᠴᠢᠲᠡᠢ ᠬᠥᠭ᠍ᠵᠢᠬᠦ ᠬᠠᠨᠳᠤᠰᠢ ᠶᠢ ᠲᠤᠰᠬᠠᠭᠰᠠᠨ ᠪᠠᠶᠢᠨᠠ᠃ | | ᠤᠯᠤᠰ ᠤᠨ ᠠᠶᠠᠯᠠᠯ ᠵᠢᠭᠤᠯᠴᠢᠯᠠᠯ ᠤᠨ ᠲᠣᠪᠴᠢᠶᠠᠨ ᠤ ᠰᠣᠨᠢᠨ ᠮᠡᠳᠡᠭᠡᠨ ᠦ ᠥᠭᠦᠯᠡᠭᠴᠢ ᠾᠸᠦ ᠵᠸᠨ ᠭᠠᠩ | ᠲᠠᠨᠢᠯᠴᠠᠭᠤᠯᠤᠭᠰᠠᠨ ᠨᠢ᠂ ᠦᠨᠦ ᠵᠢᠯ ᠤᠨ ᠲᠠᠪᠤᠨ ᠰᠠᠷᠠ ᠶᠢᠨ ᠨᠢᠭᠡᠨ ᠦ ᠠᠮᠠᠷᠠᠯᠲᠠ ᠶᠢᠨ ᠬᠤᠭᠤᠴᠠᠭᠠᠨ ᠳ᠋ᠤ ᠂ ᠡᠯᠡ ᠪᠦᠰᠡ | ᠨᠤᠲᠤᠭ ᠤᠨ ᠠᠶᠠᠯᠠᠯ ᠵᠢᠭᠤᠯᠴᠢᠯᠠᠯ ᠨᠢ ᠦᠵᠡᠮᠵᠢᠲᠦ ᠣᠷᠣᠨ ᠢᠶᠠᠷ ᠠᠶᠠᠯᠠᠨ ᠵᠤᠭᠠᠴᠠᠳᠠᠭ ᠪᠠᠶᠢᠭᠰᠠᠨ ᠡᠴᠠ ᠪᠠᠨ ᠪᠦᠬᠦ ᠲᠠᠯᠠ ᠶᠢ | ᠬᠠᠮᠤᠷᠤᠭᠰᠠᠨ ᠠᠶᠠᠯᠠᠯ ᠵᠢᠭᠤᠯᠴᠢᠯᠠᠯ ᠲᠡᠰᠢ ᠰᠢᠯᠵᠢᠬᠦ ᠬᠠᠨᠳᠤᠰᠢ ᠢᠯᠡᠷᠬᠡᠢ ᠪᠣᠯᠣᠭᠰᠠᠨ ᠪᠠᠶᠢᠨᠠ᠃ ᠥᠩᠭᠡᠷᠡᠭᠰᠡᠨ ᠦ ᠦᠵᠡᠮᠵᠢᠲᠦ | ᠣᠷᠣᠨ ᠤ ᠦᠢᠯᠡᠳᠬᠦᠨ ᠢ ᠠᠭᠠᠵᠢᠮ ᠢᠶᠠᠷ ᠣᠯᠠᠨ ᠶᠠᠩᠵᠤ ᠶᠢᠨ ᠠᠶᠠᠯᠠᠯ ᠵᠢᠭᠤᠯᠴᠢᠯᠠᠯ ᠤᠨ ᠦᠢᠯᠡᠳᠬᠦᠨ ᠣᠷᠣᠯᠠᠵᠤ᠂ ᠬᠥᠳᠡᠭᠡ | ᠨᠤᠲᠤᠭ ᠢᠶᠠᠷ ᠠᠶᠠᠯᠠᠨ ᠵᠢᠭᠤᠯᠴᠢᠯᠠᠬᠤ ᠂ ᠬᠣᠲᠠ ᠶᠢᠨ ᠣᠶᠢᠷᠠ ᠬᠠᠪᠢ ᠪᠠᠷ ᠠᠶᠠᠯᠠᠨ ᠵᠢᠭᠤᠯᠴᠢᠯᠠᠬᠤ᠂ ᠡᠷᠲᠡᠨ ᠦ ᠬᠣᠲᠠ | ᠪᠠᠯᠭᠠᠰᠤ ᠪᠠᠷ ᠠᠶᠠᠯᠠᠨ ᠵᠢᠭᠤᠯᠴᠢᠯᠠᠬᠤ ᠨᠢ ᠤᠯᠠᠮ ᠬᠥᠭ᠍ᠵᠢᠶᠡᠨ ᠲᠠᠢ ᠪᠣᠯᠵᠤ ᠪᠠᠶᠢᠨᠠ ᠭᠡᠵᠡᠢ᠃ | ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳ᠋ᠢᠤ᠋ ᠰᠦᠯᠵᠢᠶᠠ |