ᠤᠯᠤᠰ ᠤᠨ ᠲᠡᠷᠢᠬᠦᠯᠡᠭᠴᠢ ᠰᠢ ᠶᠢᠨ ᠫᠢᠩ 14 ᠤ ᠡᠳᠤᠷ ᠳ᠋ᠢᠶᠤᠤ ᠢᠤᠢ ᠲᠠᠢ ᠳᠠᠬᠢ ᠲᠦᠷᠤ ᠶᠢᠨ ᠵᠤᠴᠢᠳ ᠤᠨ | ᠪᠠᠭᠤᠳᠠᠯ ᠳᠤ᠂ ︽ᠨᠢᠬᠡ ᠪᠦᠰᠠ ᠨᠢᠬᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠤᠬᠦᠴᠤᠳ ᠤᠨ ᠶᠠᠷᠢᠶᠠᠨ ᠤ | ᠲᠠᠪᠴᠠᠩ ᠳᠤ ᠤᠷᠤᠯᠴᠠᠬᠤ ᠪᠠᠷ ᠢᠷᠡᠭᠰᠡᠨ ᠤᠷᠤᠰ ᠤᠨ ᠶᠠᠷᠤᠩᠬᠡᠶᠢᠯᠡᠭᠴᠢ ᠫᠦᠲ᠋ᠢᠨ ᠲᠠᠢ ᠠᠭᠤᠯᠵᠠᠪᠠ᠃ | ᠰᠢ ᠶᠢᠨ ᠫᠢᠩ ᠵᠢᠭᠠᠵᠣ ᠭᠠᠷᠭᠠᠭᠰᠠᠨ ᠨᠢ᠂ ᠳᠤᠮᠳᠠᠳᠤ ᠤᠷᠤᠰ ᠬᠤᠶᠠᠷ ᠤᠯᠤᠰ ᠪᠤᠯ ᠡᠶᠡᠯᠳᠡᠭ ᠬᠦᠷᠰᠢ᠂ ᠰᠠᠶᠢᠨ | ᠨᠠᠶᠢᠵᠢ᠂ ᠰᠠᠶᠢᠨ ᠬᠠᠨᠢᠳᠠᠨ ᠪᠤᠯᠤᠨᠠ᠃ ᠡᠨᠡ ᠵᠢᠯ ᠠᠴᠠ ᠨᠠᠰᠢ᠂ ᠳᠤᠮᠳᠠᠳᠤ ᠤᠷᠤᠰ ᠤᠨ ᠪᠦᠬᠦ ᠲᠠᠯᠠ ᠶᠢᠨ ᠪᠠᠶᠢᠯᠳᠤᠬᠤ | ᠪᠤᠳᠤᠯᠭᠠ ᠶᠢᠨ ᠬᠠᠮᠲᠤᠷᠠᠯᠴᠠᠭᠠᠨ ᠤ ᠬᠠᠨᠢᠳᠠᠨ ᠤ ᠬᠠᠷᠢᠯᠴᠠᠭᠠ ᠦᠨᠳᠤᠷ ᠲᠦᠪᠰᠢᠨ ᠪᠦᠬᠦᠢ ᠬᠦᠭᠵᠢᠯᠳᠠ ᠪᠠᠨ ᠪᠠᠳᠤᠯᠠᠵᠤ᠂ | ᠡᠯᠠ ᠬᠦᠷᠢᠶᠠᠨ ᠤ ᠬᠠᠮᠳᠤᠷᠠᠯᠴᠠᠭᠠ ᠰᠢᠨᠠ ᠦᠷᠠ ᠪᠦᠳᠤᠬᠡᠯ ᠤᠯᠵᠠᠢ᠃ ᠡᠨᠡ ᠵᠢᠯ ᠪᠤᠯ ᠳᠤᠮᠳᠠᠳᠤ ᠤᠷᠤᠰ ᠤᠨ ᠨᠦᠬᠦᠷᠯᠡᠯ᠂ | ᠡᠩᠬᠡ ᠲᠠᠶᠢᠪᠤᠩ ᠪᠠ ᠬᠦᠭᠵᠢᠯᠳᠠ ᠶᠢᠨ ᠵᠦᠪᠯᠠᠯ ᠪᠠᠶᠢᠭᠤᠯᠤᠬᠳᠠᠬᠰᠠᠨ 20 ᠵᠢᠯ ᠤᠨ ᠤᠢ ᠪᠤᠯᠤᠨ ᠤᠷᠤᠰ ᠲᠤᠮᠳᠠᠳᠤ ᠶᠢᠨ | ᠨᠦᠬᠦᠷᠯᠠᠯ ᠤᠨ ᠨᠡᠶᠢᠬᠡᠮᠯᠢᠭ ᠪᠠᠶᠢᠭᠤᠯᠤᠬᠳᠠᠬᠰᠠᠨ 60 ᠵᠢᠯ ᠤᠨ ᠤᠢ ᠪᠤᠯᠤᠨᠠ᠃ ᠬᠤᠶᠠᠷ ᠲᠠᠯᠠ ᠪᠠᠷ ᠢᠶᠠᠨ ᠡᠯᠪᠡᠭ ᠪᠠᠶᠠᠯᠢᠬ | ᠠᠭᠤᠯᠭᠠ ᠲᠠᠢ ᠠᠵᠢᠯᠯᠠᠭᠠ ᠶᠢᠨ ᠲᠦᠯᠤᠪᠯᠡᠭᠡ ᠲᠤᠭᠳᠠᠭᠠᠵᠤ ᠲᠡᠷᠡᠴᠢᠯᠠᠨ ᠢᠳᠡᠪᠬᠢᠳᠠᠢ ᠨᠠᠶᠢᠳᠠᠪᠤᠷᠢᠵᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠤ ᠤᠢᠢᠯᠠᠭᠠᠯᠴᠠᠭᠠ ᠪᠤᠯᠤᠨ ᠨᠦᠬᠦᠷᠯᠠᠯ ᠢ ᠵᠤᠵᠠᠭᠠᠳᠬᠠᠵᠤ᠂ ᠳᠤᠮᠳᠠᠳᠤ ᠤᠷᠤᠰ ᠤᠨ ᠪᠦᠬᠦ | ᠲᠠᠯᠠ ᠶᠢᠨ ᠪᠠᠶᠢᠯᠳᠤᠬᠤ ᠪᠤᠳᠤᠯᠭᠠ ᠶᠢᠨ ᠬᠠᠮᠲᠤᠷᠠᠯᠴᠠᠭᠠᠨ ᠤ ᠬᠠᠨᠢᠳᠠᠨ ᠤ ᠬᠠᠷᠢᠯᠴᠠᠭᠠ ᠶᠢᠨ ᠨᠡᠶᠢᠬᠡᠮ ᠪᠤᠯᠤᠨ ᠠᠷᠠᠳ ᠤᠨ | ᠰᠠᠨᠠᠭᠠᠨ ᠤ ᠰᠠᠭᠤᠷᠢ ᠶᠢ ᠪᠠᠳᠤᠳᠬᠠᠪᠠ᠃ ᠤᠷᠪᠠᠭᠠᠨ ᠬᠦᠷᠪᠡᠬᠡᠨ ᠲᠠᠢ ᠲᠡᠯᠡᠬᠡᠢ ᠶᠢᠨ ᠪᠠᠶᠢᠳᠠᠯ ᠳᠤ᠂ ᠳᠤᠮᠳᠠᠳᠤ ᠤᠷᠤᠰ ᠬᠤᠶᠠᠷ | ᠤᠯᠤᠰ ᠶᠡᠭᠡ ᠤᠯᠤᠰ ᠤᠨ ᠬᠠᠷᠢᠭᠤᠴᠠᠯᠭᠠ ᠶᠢ ᠵᠤᠷᠢᠬᠳᠠᠢ ᠪᠠᠷ ᠡᠬᠦᠷᠬᠡᠯᠠᠵᠤ᠂ ᠬᠤᠯᠪᠤᠬᠳᠠᠯ ᠪᠦᠬᠦᠢ ᠬᠠᠯᠠᠮᠰᠢᠯ ᠠᠰᠠᠭᠤᠳᠠᠯ ᠢ | ᠤᠯᠤᠰ ᠲᠦᠷᠤ ᠶᠢᠨ ᠠᠷᠭᠠ ᠪᠠᠷ ᠰᠢᠢᠳᠪᠤᠷᠢᠯᠡᠬᠦ ᠠᠬᠢᠴᠠ ᠶᠢ ᠠᠬᠢᠭᠤᠯᠬᠤ ᠪᠠᠷ ᠴᠢᠷᠮᠠᠶᠢᠵᠤ᠂ ᠤᠷᠤᠨ ᠪᠦᠰᠠ ᠵᠢᠴᠢ | ᠲᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠢ ᠬᠠᠮᠠᠭᠠᠯᠠᠬᠤ ᠳᠤ ᠴᠢᠬᠤᠯᠠ ᠤᠢᠢᠯᠡᠳᠤᠯ ᠦᠵᠡᠬᠦᠯᠦᠭᠰᠡᠨ ᠪᠠᠶᠢᠨᠠ ᠬᠡᠵᠠᠢ᠃ | ᠰᠢ ᠶᠢᠨ ᠫᠢᠩ ᠵᠢᠭᠠᠵᠣ ᠭᠠᠷᠭᠠᠭᠰᠠᠨ ᠨᠢ᠂ ᠳᠤᠮᠳᠠᠳᠤ ᠤᠷᠤᠰ ᠤᠨ ᠬᠠᠷᠢᠯᠴᠠᠭᠠ ᠶᠢ ᠬᠦᠭᠵᠢᠬᠦᠯᠤᠨ | ᠬᠦᠨᠵᠡᠬᠡᠶᠢᠷᠡᠬᠦᠯᠬᠦ ᠪᠤᠯ ᠬᠤᠶᠠᠷ ᠤᠯᠤᠰ ᠤᠨ ᠪᠠᠶᠢᠯᠳᠤᠬᠤ ᠪᠤᠳᠤᠯᠭᠠ ᠶᠢᠨ ᠰᠤᠩᠭᠤᠯᠳᠠ ᠪᠤᠯᠤᠨᠠ᠃ ᠲᠡᠯᠡᠬᠡᠢ ᠶᠢᠷᠳᠢᠨᠴᠤ | ᠶᠠᠭᠠᠬᠢᠵᠤ ᠤᠯᠠᠷᠢᠵᠤ ᠬᠤᠪᠢᠷᠠᠭᠰᠠᠠ ᠴᠤ᠂ ᠪᠢᠳᠠ ᠪᠦᠬᠦ ᠬᠦᠴᠤ ᠪᠠᠷ ᠢᠶᠠᠨ ᠬᠤᠶᠠᠷ ᠤᠯᠤᠰ ᠤᠨ ᠬᠠᠷᠢᠯᠴᠠᠭᠠ ᠶᠢ ᠰᠠᠶᠢᠳᠤᠷ | ᠬᠦᠭᠵᠢᠬᠦᠯᠵᠤ ᠰᠠᠶᠢᠳᠤᠷ ᠬᠠᠮᠠᠭᠠᠯᠠᠶᠠ᠃ ᠬᠤᠶᠠᠷ ᠲᠠᠯᠠ ᠪᠠᠷ ᠢᠶᠠᠨ ᠠᠵᠤ ᠠᠬᠤᠢ ᠠᠷᠠᠯᠵᠢᠶᠠ᠂ ᠡᠨᠧᠷᠬᠢ ᠵᠡᠷᠬᠡ ᠤᠯᠠᠮᠵᠢᠯᠠᠯᠳᠤ | ᠬᠦᠷᠢᠶᠠᠨ ᠤ ᠬᠠᠮᠳᠤᠷᠠᠯᠴᠠᠭᠠ ᠪᠠᠨ ᠬᠦᠨᠵᠡᠬᠡᠶᠢᠷᠡᠬᠦᠯᠵᠤ᠂ ᠭᠤᠤᠯᠳᠠᠯᠭᠠ ᠲᠠᠢ ᠲᠦᠷᠤᠯ ᠵᠦᠢᠯ ᠢ ᠰᠠᠶᠢᠳᠤᠷ | ᠨᠠᠶᠢᠳᠠᠪᠤᠷᠢᠵᠢᠭᠤᠯᠤᠶᠠ︔ ᠡᠬᠦᠨ ᠤ ᠬᠠᠮᠳᠤ᠂ ᠰᠢᠨᠵᠢᠯᠡᠬᠦ ᠤᠬᠠᠭᠠᠨ ᠮᠡᠷᠬᠡᠵᠢᠯ᠂ ᠰᠢᠨᠠ ᠶᠢ ᠡᠬᠦᠳᠬᠦ ᠵᠡᠷᠬᠡ ᠬᠦᠷᠢᠶᠠᠨ ᠤ | ᠬᠠᠮᠳᠤᠷᠠᠯᠴᠠᠭᠠ ᠶᠢ ᠨᠡᠬᠡᠬᠡᠵᠤ᠂ ᠬᠤᠶᠠᠷ ᠤᠯᠤᠰ ᠤᠨ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭᠠᠨ ᠤ ᠲᠦᠪᠰᠢᠨ ᠢ | ᠲᠡᠭᠡᠭᠰᠢᠯᠡᠬᠦᠯᠵᠤ᠂ ᠨᠡᠩ ᠤᠯᠠᠨ ᠦᠷᠠ ᠪᠦᠳᠤᠬᠡᠯ ᠤᠯᠬᠤ ᠪᠠᠷ ᠴᠢᠷᠮᠡᠶᠢᠶᠡ᠃ ᠪᠠᠶᠢᠯᠳᠤᠬᠤ ᠪᠤᠳᠤᠯᠭᠠ ᠶᠢᠨ ᠬᠠᠮᠵᠢᠯᠴᠠᠭᠠ | ᠵᠤᠬᠢᠴᠠᠭᠤᠯᠭᠠ ᠪᠠᠨ ᠴᠢᠩᠭᠠᠳᠬᠠᠵᠤ᠂ ᠲᠡᠯᠡᠬᠡᠢ ᠶᠢᠨ ᠠᠵᠤ ᠠᠬᠤᠢ ᠶᠢᠨ ᠦᠷᠬᠦᠯᠵᠢᠯᠠᠨ ᠲᠤᠭᠳᠠᠭᠤᠨ ᠢᠶᠠᠷ ᠨᠡᠮᠡᠭᠳᠡᠬᠦ ᠶᠢ | ᠬᠠᠮᠳᠤ ᠪᠠᠷ ᠠᠬᠢᠭᠤᠯᠵᠤ᠂ ᠲᠡᠯᠡᠬᠡᠢ ᠶᠢᠨ ᠪᠠ ᠤᠷᠤᠨ ᠪᠦᠰᠠ ᠶᠢᠨ ᠬᠠᠯᠠᠮᠰᠢᠯ ᠠᠰᠠᠭᠤᠳᠠᠯ ᠢ ᠨᠠᠶᠢᠷᠠᠮᠳᠠᠯ ᠢᠶᠠᠷ ᠰᠢᠢᠳᠪᠤᠷᠢᠯᠡᠬᠦ ᠶᠢ | ᠠᠬᠢᠭᠤᠯᠵᠤ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠢ ᠲᠡᠬᠦᠯᠳᠡᠷᠵᠢᠬᠦᠯᠵᠤ᠂ ᠲᠡᠯᠡᠬᠡᠢ ᠶᠢᠨ ᠡᠩᠬᠡ ᠲᠠᠶᠢᠪᠤᠩ | ᠲᠤᠭᠳᠠᠭᠤᠨ ᠳᠤ ᠨᠡᠩ ᠤᠯᠠᠨ ᠢᠳᠡᠪᠬᠢ ᠬᠦᠴᠤᠨ ᠢ ᠨᠡᠮᠡᠷᠢᠯᠡᠶᠡ ᠬᠡᠪᠠ᠃ | ᠰᠢ ᠶᠢᠨ ᠫᠢᠩ ᠵᠢᠭᠠᠵᠣ ᠭᠠᠷᠭᠠᠭᠰᠠᠨ ᠨᠢ᠂ 2015 ᠤᠨ ᠤ 5 ᠰᠠᠷᠠ ᠳᠤ᠂ ᠳᠤᠮᠳᠠᠳᠤ ᠤᠷᠤᠰ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠡᠸᠦ᠋ᠷᠦᠫᠠ ᠠᠽᠢᠶᠠ ᠶᠢᠨ ᠠᠵᠤ ᠠᠬᠤᠢ ᠶᠢᠨ ᠬᠤᠯᠪᠤᠭᠠ ᠯᠤᠭᠠ | ᠵᠤᠯᠭᠠᠭᠤᠯᠬᠤ ᠲᠤᠬᠠᠢ ᠪᠠᠶᠢᠯᠳᠤᠬᠤ ᠪᠤᠳᠤᠯᠭᠠ ᠶᠢᠨ ᠬᠠᠮᠲᠤ ᠶᠢᠨ ᠲᠠᠨᠢᠯᠲᠠ ᠲᠠᠢ ᠪᠤᠯᠵᠤ᠂ ᠬᠤᠯᠪᠤᠭᠠᠨ ᠤ ᠪᠤᠰᠤᠳ ᠭᠡᠰᠢᠭᠦᠨ | ᠤᠯᠤᠰ ᠢᠳᠡᠪᠬᠢᠲᠡᠢ ᠬᠠᠷᠢᠭᠤ ᠳᠤᠰᠬᠠᠯ ᠭᠠᠷᠭᠠᠵᠤ ᠳᠡᠮᠵᠢᠪᠡ᠃ 2 ᠵᠢᠯ ᠤᠨ ᠲᠤᠷᠰᠢ᠂ ᠵᠤᠯᠭᠠᠭᠤᠯᠤᠯᠲᠠ ᠬᠠᠮᠲᠤᠷᠠᠯᠴᠠᠭᠠ | ᠳᠤᠬᠲᠠᠭᠤᠨ ᠢᠶᠠᠷ ᠦᠷᠨᠢᠵᠦ᠂ ᠠᠬᠢᠴᠠ ᠲᠤᠪᠤᠶᠢᠮᠠ ᠪᠤᠯᠵᠠᠢ᠃ ᠳᠠᠷᠠᠭᠠᠴᠢ ᠶᠢᠨ ᠱᠠᠲᠤᠨ ᠳᠤ᠂ ᠳᠤᠮᠳᠠᠳᠤ ᠤᠯᠤᠰ ᠳᠤᠷᠠᠲᠠᠶᠠ | ᠤᠷᠤᠰ ᠤᠨ ᠬᠢᠨ ᠲᠠᠢ ᠵᠤᠯᠭᠠᠭᠤᠯᠤᠯᠲᠠ ᠬᠠᠮᠲᠤᠷᠠᠯᠴᠠᠭᠠ ᠶᠢ ᠬᠠᠮᠲᠤ ᠪᠠᠷ ᠠᠬᠢᠭᠤᠯᠵᠤ ᠲᠠᠰᠤᠷᠠᠯᠲᠠ ᠦᠭᠡᠢ ᠪᠤᠲᠠᠲᠠᠢ ᠦᠷᠡ | ᠪᠦᠲᠦᠭᠡᠯ ᠤᠯᠵᠦ᠂ ᠳᠤᠷᠠᠲᠠᠶᠠ ᠡᠸᠦ᠋ᠷᠦᠫᠠ ᠠᠽᠢᠶᠠ ᠶᠢᠨ ᠠᠵᠤ ᠠᠬᠤᠢ ᠶᠢᠨ ᠬᠤᠯᠪᠤᠭᠠ ᠯᠤᠭᠠ ᠪᠤᠲᠠᠲᠠᠢ ᠶᠢ ᠡᠷᠬᠢᠮᠯᠡᠭᠰᠡᠡ | ᠬᠠᠮᠲᠤᠷᠠᠯᠴᠠᠭᠠ ᠪᠠᠨ ᠬᠦᠨᠵᠡᠭᠡᠶᠢᠷᠡᠭᠦᠯᠵᠦ᠂ ᠵᠤᠯᠭᠠᠭᠤᠯᠤᠯᠲᠠ ᠶᠢᠨ ᠲᠦᠷᠦᠯ ᠵᠦᠢᠯ ᠤᠨ ᠨᠠᠶᠢᠳᠠᠪᠤᠷᠢᠵᠢᠭᠤᠯᠤᠬᠳᠠᠬᠤ ᠶᠢ | ᠠᠬᠢᠭᠤᠯᠤᠨᠠ᠃ ᠳᠤᠮᠳᠠᠳᠤ ᠤᠷᠤᠰ ᠭᠠᠷ ᠬᠤᠯᠪᠤᠨ ᠱᠠᠩᠬᠠᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠲᠤᠰ | ᠪᠡᠶᠡ ᠶᠢᠨ ᠬᠦᠭᠵᠢᠯᠲᠡ ᠵᠢᠴᠢ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠤ᠂ | ᠲᠡᠭᠦᠨ ᠤ ᠡᠸᠦ᠋ᠷᠦᠫᠠ ᠠᠽᠢᠶᠠ ᠶᠢᠨ ᠠᠵᠤ ᠠᠬᠤᠢ ᠶᠢᠨ ᠬᠤᠯᠪᠤᠭᠠ ᠯᠤᠭᠠ ᠶᠢᠨ ᠵᠤᠯᠭᠠᠭᠤᠯᠤᠯᠲᠠ ᠳᠤ ᠰᠠᠶᠢᠨ ᠰᠠᠶᠢᠬᠠᠨ | ᠨᠦᠬᠦᠴᠡᠯ ᠡᠭᠦᠳᠴᠤ ᠦᠭᠬᠦᠶᠡ ᠬᠡᠵᠥ ᠵᠢᠭᠠᠵᠥ ᠭᠠᠷᠭᠠᠪᠠ᠃ | ᠫᠦᠲ᠋ᠢᠨ ᠡᠩ ᠲᠡᠷᠢᠭᠦᠨ ᠳᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠠᠮᠵᠢᠯᠲᠠ ᠲᠠᠢ ᠡᠬᠢᠯᠡᠭᠰᠡᠡ ᠳᠤ ᠪᠠᠶᠠᠷ ᠬᠦᠷᠭᠡᠵᠦ᠂ ᠤᠳᠤᠬᠠᠨ ᠤ ᠤᠯᠠᠨ | ᠤᠯᠤᠰ ᠤᠨ ᠪᠠᠶᠢᠳᠠᠯ ᠳᠤᠤᠷᠠ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭᠠ ᠶᠢ ᠳᠤᠷᠠᠳᠬᠤ ᠶᠢᠨ | ᠬᠠᠮᠲᠤ ᠡᠨᠡ ᠤᠳᠠᠭᠠ ᠶᠢᠨ ᠶᠠᠷᠢᠶᠠᠨ ᠤ ᠲᠠᠪᠴᠠᠩ ᠢ ᠡᠷᠬᠢᠯᠡᠭᠰᠡᠡ ᠨᠢ ᠴᠠᠭ ᠲᠠᠭᠠᠨ ᠮᠠᠰᠢ ᠲᠤᠬᠢᠷᠠᠵᠤ᠂ ᠡᠯᠡ ᠤᠯᠤᠰ ᠤᠨ ᠠᠵᠤ | ᠠᠬᠤᠢ ᠶᠢᠨ ᠰᠤᠯᠢᠯᠴᠠᠭᠠ ᠬᠠᠮᠲᠤᠷᠠᠯᠴᠠᠭᠠ ᠶᠢ ᠠᠬᠢᠭᠤᠯᠬᠤ ᠳᠤ ᠠᠰᠢᠬᠲᠠᠢ ᠪᠤᠯᠵᠠᠢ ᠭᠡᠵᠦ ᠪᠠᠭ᠋ᠠᠳᠤᠨ ᠰᠠᠶᠢᠰᠢᠶᠠᠪᠠ᠃ ᠫᠦᠲ᠋ᠢᠨ | ᠬᠡᠯᠡᠭᠰᠡᠨ ᠨᠢ᠂ ᠤᠷᠤᠰ ᠳᠤᠮᠳᠠᠳᠤ ᠶᠢᠨ ᠬᠠᠷᠢᠯᠴᠠᠭᠠ ᠶᠠᠬ ᠦᠨᠳᠦᠷ ᠲᠦᠪᠰᠢᠨ ᠢᠶᠠᠷ ᠬᠦᠭᠵᠢᠵᠦ ᠪᠤᠢ᠂ ᠬᠤᠶᠠᠷ ᠤᠯᠤᠰ ᠤᠨ | ᠳᠡᠭᠡᠳᠦ ᠳᠠᠪᠬᠤᠷᠭᠠ ᠶᠢᠨ ᠶᠠᠪᠤᠯᠴᠠᠭᠠ ᠤᠯᠠᠰᠢᠷᠠᠵᠤ᠂ ᠵᠠᠰᠠᠬ ᠤᠨ ᠤᠷᠳᠤᠨ ᠤ ᠰᠠᠯᠠᠭᠠ ᠮᠦᠴᠢᠷ ᠵᠢᠴᠢ ᠬᠠᠤᠯᠢ ᠳᠤᠬᠲᠠᠭᠠᠬᠤ | ᠪᠠᠶᠢᠭᠤᠯᠤᠮᠵᠢ ᠶᠢᠨ ᠰᠤᠯᠢᠯᠴᠠᠭᠠ ᠨᠢᠭᠲᠠᠷᠠᠵᠤ᠂ ᠬᠤᠶᠠᠷ ᠲᠠᠯᠠ ᠶᠢᠨ ᠠᠷᠠᠯᠵᠢᠶᠠ ᠲᠦᠷᠭᠡᠨ ᠨᠡᠮᠡᠭᠳᠡᠵᠦ᠂ ᠪᠦᠲᠦᠴᠡ ᠨᠢ ᠴᠤ | ᠰᠠᠶᠢᠵᠢᠷᠠᠪᠠ᠃ ᠤᠷᠤᠰ ᠤᠨ ᠬᠢᠨ ᠳᠤᠷᠠᠲᠠᠶᠠ ᠳᠤᠮᠳᠠᠳᠤ ᠶᠢᠨ ᠬᠢᠨ ᠲᠠᠢ ᠬᠠᠮᠲᠤ᠂ ᠡᠸᠦ᠋ᠷᠦᠫᠠ ᠠᠽᠢᠶᠠ ᠶᠢᠨ ᠠᠵᠤ ᠠᠬᠤᠢ ᠶᠢᠨ | ᠬᠤᠯᠪᠤᠭᠠ ᠶᠢᠨ ᠬᠢᠨ ᠤ ᠲᠤᠷᠭᠠᠨ ᠵᠠᠮ ᠤᠨ ᠠᠵᠤ ᠠᠬᠤᠢ ᠶᠢᠨ ᠪᠦᠰᠡ ᠯᠦᠭᠡ ᠶᠢᠨ ᠬᠦᠭᠵᠢᠯᠲᠡ ᠶᠢᠨ ᠪᠠᠶᠢᠯᠳᠤᠬᠤ | ᠪᠤᠳᠤᠯᠭᠠ ᠶᠢᠨ ᠵᠤᠯᠭᠠᠭᠤᠯᠤᠯᠲᠠ ᠶᠢ ᠰᠠᠶᠢᠳᠤᠷ ᠬᠢᠵᠦ᠂ ᠬᠤᠯᠪᠤᠬᠳᠠᠯ ᠪᠦᠬᠦᠢ ᠬᠠᠮᠲᠤᠷᠠᠯᠴᠠᠭᠠᠨ ᠤ ᠲᠤᠮᠤ ᠲᠦᠷᠦᠯ ᠵᠦᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨᠠ᠃ ᠬᠤᠶᠠᠷ ᠲᠠᠯᠠ ᠪᠠᠷ ᠠᠷᠠᠯᠵᠢᠶᠠ᠂ ᠡᠨᠧᠷᠬᠢ᠂ ᠦᠢᠯᠡᠳᠬᠦ ᠦᠢᠯᠡᠰ᠂ ᠰᠤᠷᠭᠠᠨ | ᠬᠦᠮᠦᠵᠢᠯ᠂ ᠭᠠᠵᠠᠷ ᠤᠷᠤᠨ᠂ ᠵᠤᠭᠠᠴᠠᠯ᠂ ᠪᠡᠶᠡ ᠶᠢᠨ ᠲᠠᠮᠢᠷ ᠵᠡᠷᠭᠡ ᠶᠢᠨ ᠬᠠᠮᠲᠤᠷᠠᠯᠴᠠᠭᠠ ᠶᠢ ᠬᠦᠨᠵᠡᠭᠡᠶᠢᠷᠡᠭᠦᠯᠦᠶᠡ᠃ ᠤᠷᠤᠰ | ᠳᠤᠮᠳᠠᠳᠤ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠳᠡᠭᠡᠷᠡ ᠢᠳᠡᠪᠬᠢᠲᠡᠢ ᠪᠠᠷ ᠨᠡᠪᠲᠡᠷᠡᠯᠴᠡᠨ ᠵᠤᠬᠢᠴᠠᠭᠤᠯᠵᠤ᠂ | ᠬᠠᠷᠢᠯᠴᠠᠨ ᠳᠡᠮᠵᠢᠬᠦ ᠪᠤᠯ ᠳᠡᠯᠡᠬᠡᠢ ᠨᠡᠶᠢᠭᠡᠮ ᠤᠨ ᠴᠢᠬᠤᠯᠠ ᠪᠦᠬᠦᠢ ᠳᠤᠬᠲᠠᠭᠤᠨ ᠤ ᠬᠦᠴᠦᠨ ᠵᠦᠢᠯ ᠪᠤᠯᠤᠨᠠ ᠭᠡᠪᠡ᠃ | ᠬᠤᠶᠠᠷ ᠤᠯᠤᠰ ᠤᠨ ᠲᠡᠷᠢᠭᠦᠨ ᠪᠠᠰᠠ ᠰᠤᠯᠤᠩᠭᠤᠰ ᠬᠤᠶᠢᠭ ᠤᠨ ᠪᠠᠶᠢᠳᠠᠯ ᠵᠡᠷᠭᠡ ᠬᠠᠮᠲᠤ ᠪᠠᠷ ᠠᠩᠬᠠᠷᠴᠤ ᠪᠠᠶᠢᠭᠠ | ᠤᠯᠠᠨ ᠤᠯᠤᠰ ᠤᠨ ᠪᠠ ᠭᠠᠵᠠᠷ ᠤᠷᠤᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠤᠯᠢᠯᠴᠠᠪᠠ᠃ | ᠸᠠᠩ ᠬᠤ᠋ ᠨᠢᠩ᠂ ᠯᠢ ᠵᠠᠨ ᠱᠦ᠂ ᠶᠠᠩ ᠵᠢᠶᠧ ᡂᠢ ᠨᠠᠷ ᠠᠭᠤᠯᠵᠠᠯᠲᠠ ᠳᠤ ᠤᠷᠤᠯᠴᠠᠪᠠ | |