ᠰᠤᠷᠪᠤᠯᠵᠢᠯᠠᠬᠴᠢ 15 ᠤ ᠡᠳᠦᠷ ᠡᠳ᠋ ᠤᠨ ᠵᠠᠰᠠᠬ ᠤᠨ ᠶᠠᠮᠤᠨ ᠠᠴᠠ ᠤᠢᠢᠯᠠᠭᠠᠬᠰᠠᠨ ᠢᠶᠠᠷ᠂ ᠳᠦᠪ ᠤᠨ ᠨᠢᠬᠡᠳᠦᠬᠡᠷ | ᠳᠤᠭᠠᠳᠤ ᠪᠢᠴᠢᠭ ᠮᠠᠲ᠋ᠧᠷᠢᠶᠠᠯ ᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠬᠦᠳᠡᠭᠡ ᠠᠵᠦ ᠠᠬᠤᠢ ᠪᠤᠯᠤᠨ ᠬᠦᠳᠡᠭᠡ | ᠳᠤᠰᠬᠤᠨ ᠳᠠᠬᠢ ᠤᠷᠤᠭᠤᠯᠤᠯᠳᠠ ᠶᠢ ᠦᠨᠡᠨᠬᠦ ᠨᠡᠮᠡᠭᠳᠡᠬᠦᠯᠬᠦ ᠶᠢᠨ ᠳᠤᠰᠠᠳᠠ᠂ ᠳᠦᠷᠦ ᠶᠢᠨ ᠶᠠᠪᠤᠳᠠᠯ ᠤᠨ ᠬᠤᠷᠢᠶᠠᠨ ᠤ | ᠵᠦᠪᠰᠢᠶᠡᠷᠡᠯ ᠢᠶᠠᠷ᠂ ᠡᠳ᠋ ᠤᠨ ᠵᠠᠰᠠᠬ ᠤᠨ ᠶᠠᠮᠤᠨ ᠤᠢᠢᠷ ᠠ ᠳᠤ ᠤᠷᠤᠨ ᠨᠤᠳᠤᠬ ᠤᠨ ᠡᠳ᠋ ᠤᠨ ᠵᠠᠰᠠᠬ ᠤᠨ ᠰᠠᠯᠠᠭᠠ | ᠮᠦᠴᠢᠷ ᠲᠤ ᠮᠡᠳᠡᠭᠳᠡᠯ ᠪᠠᠭᠤᠯᠭᠠᠵᠦ᠂ 2017 ᠤᠨ ᠤ ᠦᠷᠢ ᠦᠭᠴᠡᠭᠡ ᠶᠢᠨ ᠬᠡᠮᠵᠢᠶᠡᠨ ᠲᠤᠲᠤᠷᠠ 1200 ᠳ᠋ᠦᠩᠰᠢᠭᠤᠷ | ᠳᠦᠬᠦᠷᠢᠭ ᠲᠤᠬᠢᠷᠠᠭᠤᠯᠵᠤ᠂ ᠤᠷᠤᠨ ᠨᠤᠳᠤᠬ ᠤᠨ ᠵᠠᠰᠠᠬ ᠤᠨ ᠤᠷᠳᠤᠨ ᠠᠴᠠ ᠬᠦᠳᠡᠭᠡ ᠠᠵᠦ ᠠᠬᠤᠢ ᠶᠢᠨ ᠬᠠᠩᠭᠠᠯᠭᠠ ᠶᠢᠨ | ᠲᠠᠯᠠ ᠶᠢᠨ ᠴᠢᠨᠠᠷᠳᠠᠢ ᠦᠬᠡᠷᠡᠴᠢᠯᠡᠯᠳᠡ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠲᠡᠮᠵᠢᠬᠦ | ᠬᠡᠷᠡᠭᠲᠡᠢ ᠭᠡᠵᠤ ᠰᠠᠨᠠᠭᠤᠯᠵᠠᠢ᠃ | ᠡᠳ᠋ ᠤᠨ ᠵᠠᠰᠠᠬᠤ ᠤᠨ ᠶᠠᠮᠤᠨ᠂ ᠳᠦᠪ ᠤᠨ ᠨᠢᠬᠡᠳᠦᠬᠡᠷ ᠳᠤᠭᠠᠳᠤ ᠪᠢᠴᠢᠭ ᠮᠠᠲ᠋ᠧᠷᠢᠶᠠᠯ ᠳᠤ ᠳᠤᠬᠳᠠᠭᠠᠬᠰᠠᠨ | ᠬᠠᠩᠭᠠᠯᠭᠠ ᠶᠢᠨ ᠳᠠᠯᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢᠨ ᠴᠢᠬᠤᠯᠠ ᠡᠬᠦᠷᠬᠡ ᠶᠢ ᠦᠨᠳᠦᠰᠦᠯᠡᠵᠦ᠂ ᠤᠷᠤᠨ | ᠨᠤᠳᠤᠬ ᠠᠴᠠ 600 ᠳ᠋ᠦᠩᠰᠢᠭᠤᠷ ᠳᠦᠬᠦᠷᠢᠭ ᠠᠴᠠ ᠳᠡᠬᠡᠭᠰᠢᠬᠢ ᠪᠡᠯᠡ ᠮᠦᠩᠬᠦᠨ ᠤ ᠦᠷᠢ ᠦᠭᠴᠡᠭᠡ ᠶᠢ ᠲᠤᠬᠢᠷᠠᠭᠤᠯᠤᠨ | ᠬᠦᠳᠡᠭᠡ ᠠᠵᠤ ᠠᠬᠤᠢ ᠶᠢᠨ ᠪᠦᠳᠦᠴᠡ ᠶᠢᠨ ᠳᠤᠬᠢᠷᠠᠭᠤᠯᠤᠯᠳᠠ ᠪᠤᠯᠤᠨ ᠬᠦᠳᠡᠭᠡ ᠠᠵᠦ ᠠᠬᠤᠢ ᠶᠢᠨ ᠤᠰᠤ ᠠᠷᠪᠢᠯᠠᠬᠤ | ᠬᠤᠶᠠᠷ ᠲᠦᠷᠦᠯ ᠤᠨ ᠠᠵᠢᠯ ᠢ ᠳᠡᠮᠵᠢᠬᠦ ᠶᠢ ᠰᠠᠨᠠᠭᠠᠴᠢᠯᠠᠵᠠᠢ ᠭᠡᠪᠡ᠃ | ᠳᠡᠬᠦᠨ ᠤ ᠳᠤᠳᠤᠷᠠᠬᠢ 300 ᠳ᠋ᠦᠩᠰᠢᠭᠤᠷ ᠤᠨ ᠦᠷᠢ ᠦᠭᠴᠡᠭᠡ ᠪᠠᠷ ᠬᠦᠳᠡᠭᠡ ᠠᠵᠤ ᠠᠬᠤᠢ ᠶᠢᠨ | ᠪᠦᠳᠦᠴᠡ ᠶᠢᠨ ᠳᠤᠬᠢᠷᠠᠭᠤᠯᠤᠯᠳᠠ ᠶᠢ ᠳᠡᠮᠵᠢᠵᠦ᠂ ᠭᠤᠤᠯᠳᠠᠭᠤ ᠳᠠᠪᠠᠭᠤᠯᠢᠬ ᠤᠨᠴᠠᠯᠢᠬᠳᠤ ᠠᠵᠦ ᠦᠢᠯᠡᠰ ᠯᠦᠭᠡ | ᠬᠤᠯᠪᠤᠬᠳᠠᠯ ᠲᠠᠢ ᠰᠠᠭᠤᠷᠢ ᠪᠦᠳᠦᠬᠡᠨ ᠪᠠᠶᠢᠭᠤᠯᠤᠯᠳᠠ ᠳᠤ ᠬᠡᠷᠡᠭᠯᠡᠵᠦ᠂ ᠡᠯᠠ ᠭᠠᠵᠠᠷ ᠤᠷᠤᠨ ᠤ ᠳᠠᠪᠠᠭᠤᠯᠢᠬ ᠤᠨᠴᠠᠯᠢᠬᠳᠦ | ᠠᠵᠦ ᠦᠢᠯᠡᠰ ᠤᠨ ᠳᠡᠰ ᠳᠡᠪᠰᠢᠬᠦᠯᠦᠨ ᠦᠷᠠ ᠠᠰᠢᠬ ᠢ ᠨᠡᠮᠡᠭᠳᠡᠬᠦᠯᠬᠦ ᠶᠢ ᠠᠬᠢᠭᠤᠯᠵᠦ᠂ ᠤᠷᠤᠨ ᠨᠤᠳᠤᠭ ᠤᠨ ᠤᠨᠴᠠᠯᠢᠬᠳᠤ | ᠪᠦᠳᠦᠭᠡᠭᠳᠡᠬᠦᠨ ᠪᠠ ᠪᠠᠭᠠ ᠲᠠᠸᠠᠷ ᠢ ᠲᠠᠷᠢᠶᠠᠴᠢᠨ ᠤ ᠤᠷᠤᠯᠭᠠ ᠶᠢᠨ ᠨᠡᠮᠡᠭᠳᠡᠯ ᠢ ᠲᠠᠶᠢᠴᠢᠯᠠᠬᠤ ᠶᠡᠭᠡ ᠠᠵᠤ ᠦᠢᠯᠡᠰ | ᠪᠤᠯᠭᠠᠨᠠ᠃ ᠡᠬᠦᠨ ᠠᠴᠠ ᠭᠠᠳᠠᠨᠠᠬᠢ 300 ᠳ᠋ᠦᠩᠰᠢᠭᠤᠷ ᠳᠦᠬᠦᠷᠢᠭ ᠤᠨ ᠦᠷᠢ ᠦᠭᠴᠡᠭᠡ ᠪᠠᠷ ᠬᠦᠳᠡᠭᠡ ᠠᠵᠤ ᠠᠬᠤᠢ ᠶᠢᠨ | ᠤᠰᠤ ᠠᠷᠪᠢᠯᠠᠬᠤ ᠶᠢ ᠳᠡᠮᠵᠢᠵᠦ᠂ ︽ᠳᠤᠮᠤ ᠬᠡᠯᠪᠡᠷᠢ ᠶᠢᠨ ᠤᠰᠤᠯᠠᠯᠳᠠ ᠶᠢᠨ ᠤᠷᠤᠨ ᠳᠤ ᠦᠷᠬᠦᠯᠵᠢᠯᠡᠨ ᠢᠵᠢ | ᠪᠦᠷᠢᠳᠦᠬᠦᠯᠦᠭᠰᠡᠨ ᠤᠰᠤ ᠠᠷᠪᠢᠯᠠᠬᠤ ᠦᠬᠡᠷᠡᠴᠢᠯᠡᠯᠳᠡ ᠶᠢ ᠭᠡᠷᠡᠭᠵᠢᠬᠦᠯᠬᠦ ᠳᠦᠰᠦᠯ ︵2016 —2020 ᠤᠨ︶︾ | ︽ᠳᠤᠮᠳᠠ ᠮᠠᠶ᠋ᠢᠬ ᠤᠨ ᠤᠰᠤᠯᠠᠯᠳᠠ ᠶᠢᠨ ᠤᠷᠤᠨ ᠤ ᠤᠰᠤ ᠠᠷᠪᠢᠯᠠᠬᠤ ᠮᠠᠶ᠋ᠢᠬ ᠤᠨ ᠢᠵᠢ ᠪᠦᠷᠢᠳᠦᠬᠦᠯᠦᠭᠰᠡᠨ | ᠦᠬᠡᠷᠡᠴᠢᠯᠡᠯᠳᠡ ᠶᠢᠨ ᠳᠦᠯᠦᠪᠵᠢᠬᠦᠯᠬᠡ︾ ︽︿ᠠᠷᠪᠠᠨ ᠭᠤᠷᠪᠠᠳᠤᠭᠠᠷ ᠳᠠᠪᠤᠨ ᠵᠢᠯ﹀ ᠳᠤ 1 ᠳ᠋ᠦᠩᠰᠢᠭᠤᠷ ᠮᠦ ᠦᠨᠳᠦᠷ | ᠦᠷᠠ ᠪᠦᠳᠦᠮᠵᠢᠳᠡᠢ ᠤᠰᠤ ᠠᠷᠪᠢᠯᠠᠬᠤ ᠤᠰᠤᠯᠠᠯᠳᠠ ᠶᠢᠨ ᠲᠠᠯᠠᠪᠠᠢ ᠰᠢᠨᠠ ᠪᠠᠷ ᠨᠡᠮᠡᠭᠳᠡᠬᠦᠯᠬᠦ ᠭᠡᠷᠡᠭᠵᠢᠬᠦᠯᠬᠦ ᠳᠦᠰᠦᠯ︾ ᠵᠡᠷᠬᠡ | ᠬᠦᠳᠡᠭᠡ ᠠᠵᠦ ᠠᠬᠤᠢ ᠶᠢᠨ ᠤᠰᠤ ᠠᠷᠪᠢᠯᠠᠬᠤ ᠲᠦᠯᠦᠪᠵᠢᠬᠦᠯᠭᠡ ᠶᠢ ᠭᠡᠷᠡᠭᠵᠢᠬᠦᠯᠦᠨᠠ᠃ | ᠡᠬᠦᠨ ᠠᠴᠠ ᠭᠠᠳᠠᠨᠠ᠂ ᠶᠠᠳᠠᠭᠤ ᠶᠢ ᠳᠡᠳᠬᠦᠬᠦ ᠪᠡᠯᠡ ᠮᠦᠩᠬᠦᠨ ᠤ ᠢᠷᠡᠯᠳᠡ ᠶᠢ ᠦᠷᠭᠡᠳᠬᠡᠬᠦ ᠶᠢᠨ ᠳᠤᠰᠠᠳᠠ᠂ | ᠳᠦᠪ ᠤᠨ ᠡᠳ᠋ ᠤᠨ ᠵᠠᠰᠠᠬ ᠠᠴᠠ 2017 ᠤᠨ ᠳᠤ 200 ᠳ᠋ᠦᠩᠰᠢᠭᠤᠷ ᠳᠦᠬᠦᠷᠢᠭ ᠤᠨ ᠲᠤᠰᠬᠠᠢ ᠪᠡᠯᠡ ᠮᠦᠩᠬᠦ | ᠭᠠᠷᠭᠠᠵᠦ᠂ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠬᠡᠪᠴᠢᠶᠠ ᠶᠢ 861 ᠳ᠋ᠦᠩᠰᠢᠭᠤᠷ | ᠳᠦᠬᠦᠷᠢᠭ ᠲᠤ ᠬᠦᠷᠭᠡᠭᠰᠡᠨ ᠤ ᠰᠠᠭᠤᠷᠢᠨ ᠳᠡᠭᠡᠷᠠ᠂ ᠤᠷᠤᠨ ᠨᠤᠳᠤᠭ ᠤᠨ ᠬᠢᠨ 600 ᠳ᠋ᠦᠩᠰᠢᠭᠤᠷ ᠲᠦᠬᠦᠷᠢᠭ ᠠᠴᠠ | ᠳᠡᠭᠡᠭᠰᠢᠬᠢ ᠦᠷᠢ ᠦᠭᠴᠡᠬᠡᠨ ᠤ ᠪᠡᠯᠡ ᠮᠦᠩᠬᠦ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠳᠤᠭᠠᠨ ᠢ | ᠳᠡᠮᠵᠢᠵᠦ᠂ ᠶᠠᠳᠠᠭᠤ ᠬᠦᠴᠢᠷᠳᠡᠯ ᠲᠠᠢ ᠳᠤᠰᠬᠤᠨ ᠤ ᠰᠠᠭᠤᠷᠢ ᠲᠦᠬᠦᠭᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ | ᠶᠠᠳᠠᠭᠤ ᠬᠦᠴᠢᠷᠳᠡᠯ ᠲᠠᠢ ᠳᠤᠰᠬᠤᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ ᠶᠢ ᠰᠠᠨᠠᠭᠠᠴᠢᠯᠠᠵᠠᠢ᠃ | |