ᠰᠤᠷᠭᠠᠨ ᠬᠦᠮᠦᠵᠢᠯ ᠤᠨ ᠶᠠᠮᠤᠨ 15 ᠤ ᠡᠳᠦᠷ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ | ᠨᠡᠶᠢᠳᠡᠯᠡᠵᠡᠢ᠃ 2017 ᠤᠨ ᠤ 5 ᠰᠠᠷᠠ ᠶᠢᠨ 31 ᠤ ᠡᠳᠦᠷ ᠪᠤᠯᠳᠠᠯᠠ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ | ᠨᠡᠶᠢᠳᠡ 2914 ᠪᠠᠶᠢᠨᠠ᠃ | ᠰᠤᠷᠭᠠᠨ ᠬᠦᠮᠦᠵᠢᠯ ᠤᠨ ᠶᠠᠮᠤᠨ ᠤ ᠨᠡᠶᠢᠳᠡᠯᠡᠭᠰᠡᠨ ᠨᠡᠷᠡᠰ ᠢ ᠦᠨᠳᠦᠰᠦᠯᠡᠪᠡᠯ᠂ ᠤᠳᠤᠬᠠᠨ ᠳᠤ ᠮᠠᠨ ᠤ ᠤᠯᠤᠰ ᠤᠨ | ᠡᠩ ᠤᠨ ᠶᠡᠭᠡ ᠳᠡᠭᠡᠳᠦ ᠰᠤᠷᠭᠠᠭᠤᠯᠢ 2631 ︵265 ᠲᠤᠰᠠᠭᠠᠷ ᠳᠡᠭᠡᠳᠦ ᠰᠤᠷᠭᠠᠭᠤᠯᠢ ᠶᠢ ᠪᠠᠭᠳᠠᠭᠠᠨᠠ︶ ᠪᠠᠶᠢᠵᠦ᠂ | ᠨᠠᠰᠤᠨ ᠬᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ 283 ᠪᠤᠢ᠃ | ᠪᠦᠬᠦ ᠤᠯᠤᠰ ᠤᠨ ᠶᠡᠭᠡ ᠰᠤᠷᠭᠠᠭᠤᠯᠢ ᠶᠢᠨ ᠨᠢᠭᠡᠳᠦᠯᠳᠠᠢ ᠰᠢᠯᠭᠠᠯᠳᠠ ᠰᠠᠶᠢᠬᠠᠨ ᠳᠠᠭᠤᠰᠴᠦ᠂ ᠡᠯᠠ ᠭᠠᠵᠠᠷ ᠤᠨ | ᠰᠢᠯᠭᠠᠭᠤᠯᠤᠭᠰᠠᠳ ᠡᠷᠡᠮᠡᠯᠵᠡᠯ ᠢᠶᠠᠨ ᠲᠠᠭᠯᠠᠵᠦ ᠡᠬᠢᠯᠡᠪᠡ᠃ ᠤᠢᠢᠷᠠ ᠳᠤ᠂ ︽ᠭᠡᠭᠡᠷᠠ ᠶᠢᠨ ᠲᠠᠬᠢᠶᠠ ᠶᠡᠭᠡ ᠰᠤᠷᠭᠠᠭᠤᠯᠢ︾ ᠶᠢᠨ | ᠲᠤᠬᠠᠢ ᠶᠠᠷᠢᠯᠴᠠᠭᠠ ᠨᠢ ᠲᠠᠬᠢᠨᠳᠠ ᠨᠡᠶᠢᠭᠡᠮ ᠤᠨ ᠠᠩᠬᠠᠷᠤᠯ ᠢ ᠳᠠᠳᠠᠵᠠᠢ᠃ | ᠬᠠᠤᠯᠢ ᠶᠢ ᠵᠦᠷᠢᠴᠡᠬᠦ ᠦᠷᠳᠡᠭ ᠲᠤᠤᠷᠠ᠂ ᠠᠰᠢᠬ ᠤᠯᠵᠠᠪᠤᠷᠢ ᠶᠢᠨ ᠤᠷᠤᠨ ᠵᠠᠢ ᠶᠡᠭᠡ ᠪᠠᠶᠢᠭᠰᠠᠨ ᠠᠴᠠ ᠵᠠᠷᠢᠮ | ᠰᠤᠷᠤᠬᠴᠢ ᠡᠯᠰᠡᠬᠦ ᠬᠢᠷᠢ ᠭᠡᠮ ᠦᠭᠡᠢ᠂ ᠰᠤᠷᠭᠠᠭᠤᠯᠢ ᠡᠷᠬᠢᠯᠡᠬᠦ ᠬᠢᠷᠢ ᠭᠡᠮ ᠦᠭᠡᠢ᠂ ᠬᠠᠤᠯᠢ ᠪᠤᠰᠤ ᠪᠠᠷ ᠰᠤᠷᠤᠬᠴᠢ ᠡᠯᠰᠡᠬᠦ | ᠪᠠ ᠰᠦᠯᠵᠢᠶᠡᠨ ᠤ ᠮᠡᠭᠡᠯᠡᠯ ᠳᠤ ᠬᠤᠯᠪᠤᠭᠳᠠᠭᠰᠠᠨ ︽ᠭᠡᠭᠡᠷᠠ ᠶᠢᠨ ᠲᠠᠬᠢᠶᠠ ᠶᠡᠭᠡ ᠰᠤᠷᠭᠠᠭᠤᠯᠢ︾ ᠶᠢᠨ ᠦᠵᠡᠭᠳᠡᠯ ᠮᠠᠰᠢ ᠤᠯᠠᠨ | ᠭᠠᠷᠴᠠᠢ᠃ ᠵᠠᠷᠢᠮ ᠰᠢᠯᠭᠠᠭᠤᠯᠤᠬᠴᠢ ᠪᠠ ᠭᠡᠷ ᠤᠨ ᠠᠬᠠᠮᠠᠳ ︽ᠬᠠᠭᠤᠷᠮᠠᠭ ᠶᠡᠭᠡ ᠰᠤᠷᠭᠠᠭᠤᠯᠢ︾ ᠳᠤ ᠤᠷᠤᠴᠢᠬᠠᠬᠤ ᠠᠴᠠ | ᠶᠡᠭᠡᠳᠠ ᠰᠠᠨᠠᠭᠠᠰᠢᠷᠠᠵᠦ ᠪᠤᠢ᠃ | ᠰᠤᠷᠭᠠᠨ ᠬᠦᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ ᠨᠡᠶᠢᠳᠡᠯᠡᠭᠰᠡᠡ ᠪᠤᠯᠬᠤᠷ᠂ ᠦᠷᠭᠡᠨ | ᠤᠯᠠᠨ ᠰᠢᠯᠭᠠᠭᠤᠯᠤᠭᠰᠠᠳ ᠰᠤᠷᠭᠠᠨ ᠬᠦᠮᠦᠵᠢᠯ ᠤᠨ ᠶᠠᠮᠤᠨ ᠤ ᠰᠦᠯᠵᠢᠶᠡᠨ ᠦᠷᠳᠡᠭᠡ ᠳᠤ ᠭᠠᠷᠴᠦ ᠤᠳᠤᠬᠠᠨ ᠤ ᠡᠩ ᠤᠨ | ᠶᠡᠭᠡ ᠳᠡᠭᠡᠳᠦ ᠰᠤᠷᠭᠠᠭᠤᠯᠢ ᠶᠢᠨ ᠰᠤᠷᠤᠯᠭᠠ ᠶᠢᠨ ᠨᠠᠮᠳᠠᠷ ᠲᠠᠢ ᠰᠤᠷᠭᠠᠨ ᠬᠦᠮᠦᠵᠢᠯ ᠤᠨ ᠰᠤᠷᠤᠬᠴᠢ ᠡᠯᠰᠡᠬᠦ ᠬᠢᠷᠢ ᠭᠡᠮ ᠲᠠᠢ | ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ ᠯᠠᠪᠯᠠᠨ ᠪᠠᠶᠢᠴᠠᠭᠠᠵᠦ ᠦᠵᠡᠵᠤ ᠪᠤᠯᠤᠨᠠ᠂ ᠨᠡᠶᠢᠲᠡᠯᠡᠭᠰᠡᠡ ᠨᠡᠷᠡᠰ ᠠᠴᠠ ᠭᠠᠳᠠᠨᠠᠬᠢ | ᠡᠯᠠ ᠲᠦᠷᠦᠯ ᠤᠨ ᠰᠤᠷᠭᠠᠨ ᠬᠦᠮᠦᠵᠢᠯ ᠡᠷᠬᠢᠯᠡᠬᠦ ᠪᠠᠶᠢᠭᠤᠯᠤᠮᠵᠢ ᠨᠢ ᠴᠦᠮ ᠰᠤᠷᠤᠬᠴᠢ ᠡᠯᠰᠡᠬᠦ ᠬᠢᠷᠢ ᠭᠡᠮ ᠦᠭᠡᠢ ᠶᠤᠮ᠃ | |