15 ᠤ ᠡᠳᠦᠷ ᠬᠤᠷᠠᠯᠳᠤᠭᠰᠠᠨ ᠪᠦᠬᠦ ᠤᠯᠤᠰ ᠤᠨ ᠬᠦᠳᠡᠭᠡ ᠲᠤᠰᠬᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠳᠠ | ᠵᠢᠴᠢ ᠲᠦᠮᠡᠨ ᠪᠠᠭᠰᠢ ᠰᠤᠷᠭᠠᠨ ᠬᠦᠮᠦᠵᠢᠯ ᠢ ᠳᠡᠮᠵᠢᠬᠦ ᠠᠵᠢᠯ ᠤᠨ ᠬᠤᠷᠠᠯ ᠳᠡᠭᠡᠷᠠ ᠠᠴᠠ ᠤᠢᠢᠯᠠᠭᠠᠭᠰᠠᠨ ᠢᠶᠠᠷ᠂ ᠡᠨᠡ ᠵᠢᠯ᠂ | ᠰᠤᠷᠭᠠᠨ ᠬᠦᠮᠦᠵᠢᠯ ᠤᠨ ᠶᠠᠮᠤᠨ ᠤᠯᠠᠨ ᠶᠠᠮᠤᠨ ᠵᠦᠪᠯᠡᠯ ᠲᠠᠢ ᠬᠠᠮᠳᠤᠷᠠᠨ ᠲᠦᠮᠡᠨ ᠪᠠᠭᠰᠢ ᠰᠤᠷᠭᠠᠨ ᠬᠦᠮᠦᠵᠢᠯ ᠢ ᠳᠡᠮᠵᠢᠬᠦ | ᠲᠦᠯᠦᠪᠯᠡᠭᠡ ᠶᠢ ᠡᠬᠢᠯᠡᠬᠦᠯᠦᠨ ᠭᠡᠷᠡᠭᠵᠢᠬᠦᠯᠵᠦ᠂ ᠳᠤᠳᠤᠷᠠ ᠭᠠᠵᠠᠷ ᠤᠨ ᠰᠢᠯᠢᠳᠡᠭ ᠪᠠᠭᠰᠢ ᠶᠢ ᠵᠤᠬᠢᠶᠠᠨ ᠪᠠᠶᠢᠭᠤᠯᠵᠦ | ᠰᠢᠨᠵᠢᠶᠡᠩ᠂ ᠲᠦᠪᠡᠳ ᠲᠤ ᠰᠤᠷᠭᠠᠨ ᠬᠦᠮᠦᠵᠢᠯ ᠢ ᠳᠡᠮᠵᠢᠬᠦᠯᠵᠦ᠂ ᠬᠤᠶᠠᠷ ᠭᠠᠵᠠᠷ ᠤᠨ ᠰᠠᠭᠤᠷᠢ ᠰᠤᠷᠭᠠᠨ ᠬᠦᠮᠦᠵᠢᠯ ᠤᠨ | ᠬᠦᠭᠵᠢᠯᠳᠠ ᠶᠢ ᠠᠬᠢᠭᠤᠯᠬᠤ ᠪᠤᠯᠤᠨᠠ᠃ | ᠰᠢᠨᠵᠢᠶᠡᠩ᠂ ᠲᠦᠪᠡᠳ ᠤᠨ ᠰᠤᠷᠭᠠᠨ ᠬᠦᠮᠦᠵᠢᠯ ᠤᠨ ᠲᠦᠪᠰᠢᠨ ᠤ ᠳᠡᠭᠡᠭᠰᠢᠯᠡᠯᠳᠠ ᠶᠢ ᠠᠬᠢᠭᠤᠯᠬᠤ ᠶᠢᠨ ᠲᠦᠯᠦᠭᠡ᠂ | ᠡᠨᠡ ᠵᠢᠯ᠂ ᠰᠤᠷᠭᠠᠨ ᠬᠦᠮᠦᠵᠢᠯ ᠤᠨ ᠶᠠᠮᠤᠨ ᠤ ᠬᠢᠨ ᠤᠯᠤᠰ ᠤᠨ ᠬᠦᠭᠵᠢᠬᠦᠯᠦᠯᠳᠠ ᠦᠭᠡᠷᠡᠴᠢᠯᠡᠯᠳᠠ ᠶᠢᠨ ᠵᠦᠪᠯᠡᠯ᠂ ᠡᠳ᠋ ᠤᠨ | ᠵᠠᠰᠠᠭ ᠤᠨ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠪᠤᠷᠢ ᠶᠢᠨ ᠶᠠᠮᠤᠨ ᠲᠠᠢ ᠬᠠᠮᠳᠤᠷᠠᠨ | ᠲᠦᠮᠡᠨ ᠪᠠᠭᠰᠢ ᠰᠤᠷᠭᠠᠨ ᠬᠦᠮᠦᠵᠢᠯ ᠢ ᠳᠡᠮᠵᠢᠬᠦ ᠲᠦᠯᠦᠪᠯᠡᠭᠡ ᠶᠢ ᠡᠬᠢᠯᠡᠬᠦᠯᠦᠨ ᠭᠡᠷᠡᠭᠵᠢᠬᠦᠯᠵᠦ᠂ ᠳᠤᠳᠤᠷᠠ ᠭᠠᠵᠠᠷ ᠤᠨ | ᠰᠢᠯᠢᠳᠡᠭ ᠪᠠᠭᠰᠢ ᠶᠢ ᠵᠤᠬᠢᠶᠠᠨ ᠪᠠᠶᠢᠭᠤᠯᠵᠦ ᠰᠢᠨᠵᠢᠶᠡᠩ᠂ ᠲᠦᠪᠡᠳ ᠲᠤ ᠰᠤᠷᠭᠠᠨ ᠬᠦᠮᠦᠵᠢᠯ ᠢ ᠳᠡᠮᠵᠢᠬᠦᠯᠵᠦ᠂ ᠲᠤᠬᠠᠢ ᠶᠢᠨ | ᠭᠠᠵᠠᠷ ᠤᠨ ᠪᠠᠭᠰᠢ ᠶᠢ ᠲᠠᠶᠢᠴᠢᠯᠠᠬᠤ ᠪᠠ ᠪᠤᠯᠪᠠᠰᠤᠷᠠᠭᠤᠯᠵᠦ᠂ ᠰᠢᠨᠵᠢᠶᠡᠩ᠂ ᠲᠦᠪᠡᠳ ᠪᠤᠯᠤᠨ ᠳᠤᠳᠤᠷᠠ ᠭᠠᠵᠠᠷ ᠤᠨ | ᠰᠤᠷᠭᠠᠭᠤᠯᠢ ᠶᠢᠨ ᠰᠢᠯᠢᠳᠡᠭ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠮᠳᠤᠪᠡᠷ ᠡᠳ᠋ᠯᠡᠬᠦ ᠪᠠᠶᠢᠩᠭᠤᠵᠢᠭᠰᠠᠨ ᠲᠤᠭᠳᠠᠴᠠ ᠶᠢ | ᠪᠠᠶᠢᠭᠤᠯᠵᠦ᠂ ᠰᠢᠨᠵᠢᠶᠡᠩ᠂ ᠲᠦᠪᠡᠳ ᠤᠨ ᠰᠤᠷᠭᠠᠨ ᠬᠦᠮᠦᠵᠢᠯ ᠤᠨ ᠬᠦᠭᠵᠢᠯᠳᠠ ᠶᠢᠨ ᠲᠦᠪᠰᠢᠨ ᠢ ᠳᠡᠭᠡᠭᠰᠢᠯᠡᠬᠦᠯᠦᠨᠠ᠃ | ᠠᠩᠬᠠᠳᠤᠭᠠᠷ ᠪᠦᠯᠦᠭ ᠤᠨ ᠬᠢᠨ ᠬᠤᠶᠠᠷ ᠭᠠᠵᠠᠷ ᠲᠤ 4000 ᠪᠠᠭᠰᠢ ᠶᠢ ᠰᠢᠨᠠ ᠨᠡᠮᠡᠨ ᠲᠤᠮᠢᠯᠠᠵᠦ᠂ ᠡᠬᠦᠨ ᠤ ᠳᠡᠭᠡᠷᠠ ᠡᠯᠠ | ᠬᠤᠯᠪᠤᠭᠠᠯᠠᠨ ᠬᠠᠮᠵᠢᠯᠴᠠᠬᠤ ᠮᠤᠵᠢ ᠬᠤᠳᠠ ᠶᠢᠨ ᠨᠢᠭᠡᠨᠳᠠ ᠲᠤᠮᠢᠯᠠᠭᠰᠠᠨ ᠪᠠᠭᠰᠢ ᠪᠠ ᠠᠵᠢᠯ ᠤᠨ ᠪᠠᠶᠢᠷᠢ ᠳᠤ ᠳᠠᠳᠤᠯᠭᠠ ᠬᠢᠵᠦ | ᠪᠠᠶᠢᠭᠠ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠬᠴᠢ ᠶᠢ ᠨᠡᠮᠡᠪᠡᠯ ᠨᠡᠶᠢᠳᠡ 5500 ᠬᠦᠮᠦᠨ ᠪᠤᠯᠬᠤ ᠪᠠᠶᠢᠨᠠ᠃ | |