2017 ᠤᠨ ᠤ ᠠᠯᠳᠠᠨ ᠲᠤᠭᠤᠰᠬᠠ ᠤᠯᠤᠰ ᠤᠨ ᠲᠠᠮᠢᠷ ᠤᠨ ᠴᠤᠬᠯᠠᠭᠠᠨ 6 ᠰᠠᠷᠠ ᠶᠢᠨ 17 ᠤ ᠤᠷᠤᠢ | ᠭᠤᠸᠠᠩᠵᠸᠦ ᠳᠤ ᠡᠬᠢᠯᠡᠪᠡ᠃ ᠤᠯᠤᠰ ᠤᠨ ᠲᠡᠷᠢᠬᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠲᠠᠮᠢᠷ ᠤᠨ | ᠴᠤᠬᠯᠠᠭᠠᠨ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠵᠦ᠂ ᠲᠠᠮᠢᠷ ᠤᠨ ᠴᠤᠬᠯᠠᠭᠠᠨ ᠳᠤ ᠤᠷᠤᠯᠴᠠᠭᠰᠠᠨ ᠡᠯᠠ ᠤᠯᠤᠰ ᠤᠨ | ᠵᠤᠴᠢᠨ᠂ ᠲᠠᠮᠢᠷᠴᠢᠨ᠂ ᠳᠠᠰᠬᠠᠯᠵᠢᠭᠤᠯᠤᠭᠴᠢ ᠨᠠᠷ ᠢ ᠴᠢᠩ ᠰᠡᠳᠬᠢᠯ ᠠᠴᠠ ᠪᠠᠨ ᠪᠠᠶᠠᠷᠯᠠᠨ ᠤᠬᠳᠤᠵᠦ ᠪᠠᠶᠢᠬᠤ ᠪᠠᠨ | ᠢᠯᠡᠳᠭᠡᠵᠡᠢ᠃ | ᠰᠢ ᠶᠢᠨ ᠫᠢᠩ᠂ ᠪᠢᠳᠠ ᠡᠨᠡ ᠵᠢᠯ ᠤᠨ 9 ᠰᠠᠷᠠ ᠳᠤ ᠶᠠᠪᠤᠭᠳᠠᠬᠤ ᠠᠯᠳᠠᠨ ᠲᠤᠭᠤᠰᠬᠠ ᠤᠯᠤᠰ ᠤᠨ ᠤᠳᠤᠷᠢᠳᠬᠤ | ᠬᠦᠮᠦᠰ ᠤᠨ ᠰᠢᠶᠠᠮᠧᠨ ᠤ ᠬᠤᠷᠠᠯ ᠢᠶᠠᠷ ᠠᠵᠠ ᠲᠤᠬᠢᠶᠠᠯ ᠪᠤᠯᠭᠠᠨ ᠠᠯᠳᠠᠨ ᠲᠤᠭᠤᠰᠬᠠ ᠤᠯᠤᠰ ᠤᠨ ᠰᠤᠶᠤᠯ ᠢᠷᠭᠡᠨᠰᠢᠯ ᠤᠨ | ᠰᠤᠯᠢᠯᠴᠠᠭᠠ ᠬᠠᠮᠳᠤᠷᠠᠯᠴᠠᠭᠠ ᠳᠤ ᠰᠢᠨᠠ ᠦᠷᠠ ᠪᠦᠳᠦᠭᠡᠯ ᠤᠯᠬᠤ ᠶᠢ ᠠᠬᠢᠭᠤᠯᠵᠦ᠂ ᠠᠯᠳᠠᠨ ᠲᠤᠭᠤᠰᠬᠠ ᠤᠯᠤᠰ ᠤᠨ | ᠬᠠᠮᠳᠤᠷᠠᠯᠴᠠᠭᠠ ᠳᠤ ᠠᠷᠠᠳ ᠤᠨ ᠰᠠᠨᠠᠭᠠᠨ ᠤ ᠰᠠᠭᠤᠷᠢ ᠶᠢ ᠪᠠᠲᠤᠳᠬᠠᠬᠤ ᠶᠢ ᠬᠦᠰᠡᠵᠦ ᠪᠠᠶᠢᠨᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠠᠯᠳᠠᠨ ᠲᠤᠭᠤᠰᠬᠠ ᠤᠯᠤᠰ ᠤᠨ ᠪᠡᠶᠠ ᠶᠢᠨ ᠲᠠᠮᠢᠷ ᠤᠨ ᠦᠢᠯᠡᠰ ᠤᠨ ᠬᠦᠭᠵᠢᠯᠳᠠ ᠮᠠᠰᠢ ᠤᠯᠠᠨ | ᠤᠨᠴᠠᠯᠢᠭ ᠲᠠᠢ ᠶᠤᠮ᠃ ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠨᠢ ᠲᠠᠮᠢᠷᠴᠢᠳ ᠤᠨ ᠤᠷᠤᠯᠳᠤᠭᠠᠨ ᠤ ᠤᠷᠠ | ᠮᠡᠷᠭᠡᠵᠢᠯ ᠤᠨ ᠲᠦᠪᠰᠢᠨ ᠢ ᠳᠡᠭᠡᠭᠰᠢᠯᠡᠬᠦᠯᠬᠦ᠂ ᠤᠯᠠᠮᠵᠢᠯᠠᠯᠳᠦ ᠪᠡᠶᠠ ᠶᠢᠨ ᠲᠠᠮᠢᠷ ᠤᠨ ᠲᠦᠷᠦᠯ ᠵᠦᠢᠯ ᠢ ᠲᠦᠭᠡᠮᠡᠯᠵᠢᠬᠦᠯᠬᠦ᠂ | ᠪᠡᠶᠠ ᠶᠢᠨ ᠲᠠᠮᠢᠷ ᠤᠨ ᠦᠢᠯᠡᠰ ᠤᠨ ᠬᠦᠭᠵᠢᠯᠳᠠ ᠶᠢ ᠠᠬᠢᠭᠤᠯᠬᠤ᠂ ᠠᠷᠠᠳ ᠲᠦᠮᠡᠨ ᠤ ᠨᠦᠬᠦᠷᠯᠡᠯ ᠢ ᠠᠬᠢᠭᠤᠯᠬᠤ ᠳᠤ | ᠢᠳᠡᠪᠬᠢᠳᠠᠢ ᠦᠢᠯᠡᠳᠦᠯ ᠦᠵᠡᠬᠦᠯᠬᠦ ᠪᠤᠯᠤᠨᠠ᠃ ᠲᠠᠮᠢᠷᠴᠢᠳ ᠬᠡᠪ ᠨᠠᠮᠪᠠ ᠪᠠᠨ ᠪᠠᠳᠠᠷᠠᠭᠤᠯᠵᠦ ᠤᠷᠠ ᠮᠡᠷᠭᠡᠵᠢᠯ ᠤᠨ | ᠲᠦᠪᠰᠢᠨ ᠢᠶᠠᠨ ᠭᠠᠷᠭᠠᠨ ᠰᠢᠯᠢᠳᠡᠭ ᠬᠢᠷᠢ ᠪᠦᠳᠦᠮᠵᠢ ᠤᠯᠬᠤ ᠶᠢ ᠬᠦᠰᠡᠵᠦ ᠪᠠᠶᠢᠨᠠ ᠭᠡᠵᠦ ᠴᠢᠬᠤᠯᠠᠴᠢᠯᠠᠵᠠᠢ᠃ | |