ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠢᠢᠷᠠ ᠳᠤ ︽ᠨᠠᠰᠤᠳᠠᠶᠢᠴᠤᠳ ᠢ ᠠᠰᠠᠷᠠᠬᠤ | ᠦᠢᠯᠡᠴᠢᠯᠡᠭᠡᠨ ᠤ ᠲᠦᠷᠦᠯ ᠵᠦᠢᠯ ᠢ ᠲᠤᠭᠳᠠᠭᠠᠨ ᠭᠡᠷᠡᠭᠵᠢᠬᠦᠯᠬᠦ ᠲᠤᠬᠠᠢ ᠰᠠᠨᠠᠯ︾ ᠢ ᠳᠠᠷᠤᠮᠠᠯᠯᠠᠨ ᠳᠠᠷᠬᠠᠭᠠᠵᠦ᠂ | ᠨᠠᠰᠤᠳᠠᠶᠢᠴᠤᠳ ᠢ ᠬᠠᠷᠠᠭᠠᠯᠵᠠᠨ ᠠᠰᠠᠷᠠᠬᠤ ᠠᠵᠢᠯ ᠤᠨ ᠳᠠᠯᠠ ᠪᠠᠷ ᠬᠢ 20 ᠭᠤᠤᠯᠳᠠᠯᠭᠠ ᠲᠠᠢ ᠡᠬᠦᠷᠬᠡ ᠶᠢ | ᠳᠤᠳᠤᠷᠬᠠᠢᠢᠯᠠᠵᠠᠢ᠃ ᠡᠳᠡᠬᠡᠷ ᠡᠬᠦᠷᠬᠡ ᠨᠢ ᠴᠢᠭᠯᠡᠬᠦᠯᠦᠯᠳᠦ ᠴᠢᠨᠠᠷ ᠢᠶᠠᠷ ᠴᠢᠩᠭᠠ ᠪᠠᠶᠢᠵᠦ᠂ ᠬᠡᠷᠪᠡᠵᠢᠶᠠ ᠰᠠᠶᠢᠳᠤᠷ | ᠨᠠᠶᠢᠳᠠᠪᠤᠷᠢᠵᠢᠭᠤᠯᠵᠦ ᠴᠢᠳᠠᠪᠠᠯ᠂ 2 ᠳ᠋ᠦᠩᠰᠢᠭᠤᠷ ᠭᠠᠷᠤᠢ ᠨᠠᠰᠤᠳᠠᠶᠢᠴᠤᠳ ᠲᠤ ᠪᠤᠳᠠᠳᠦ ᠠᠰᠢᠬ ᠳᠤᠰᠠ ᠬᠦᠷᠳᠡᠬᠡᠬᠦ | ᠪᠤᠯᠤᠨᠠ᠃ | ᠤᠢᠢᠷᠠ ᠶᠢᠨ ᠵᠢᠯ ᠠᠴᠠ᠂ ᠮᠠᠨ ᠤ ᠤᠯᠤᠰ ᠤᠨ ᠨᠠᠰᠤ ᠠᠬᠰᠢᠷᠠᠬᠰᠠᠨ ᠬᠦᠮᠦᠨ ᠠᠮᠠ ᠶᠢᠨ ᠳᠤᠭᠠ ᠳᠠᠰᠤᠷᠠᠯᠳᠠ | ᠦᠬᠡᠢ ᠨᠡᠮᠡᠭᠳᠡᠬᠦ ᠶᠢ ᠳᠠᠭᠠᠯᠳᠤᠨ᠂ ᠨᠠᠰᠤᠳᠠᠶᠢᠴᠤᠳ ᠲᠤ ᠨᠡᠩ ᠰᠠᠶᠢᠨ ᠦᠢᠯᠡᠴᠢᠯᠡᠬᠦ᠂ ᠨᠠᠰᠤᠳᠠᠶᠢᠴᠤᠳ ᠤᠨ ᠠᠮᠢᠳᠤᠷᠠᠯ ᠤᠨ | ᠬᠢᠷᠢ ᠳᠦᠪᠰᠢᠨ ᠢ ᠰᠠᠶᠢᠵᠢᠷᠠᠭᠤᠯᠬᠤ ᠵᠡᠷᠬᠡ ᠠᠰᠠᠭᠤᠳᠠᠯ ᠨᠢ ᠨᠠᠮ ᠪᠤᠯᠤᠨ ᠵᠠᠰᠠᠬ ᠤᠨ ᠤᠷᠳᠤᠨ ᠵᠢᠴᠢ ᠨᠡᠶᠢᠭᠡᠮ ᠤᠨ ᠡᠯᠠ | ᠡᠳᠡᠬᠡᠳ ᠤᠨ ᠨᠡᠶᠢᠳᠡᠮ ᠠᠩᠬᠠᠷᠬᠤ ᠤᠴᠢᠷ ᠶᠠᠪᠤᠳᠠᠯ ᠪᠤᠯᠵᠦ᠂ ᠳᠦᠪ ᠠᠴᠠ ᠠᠪᠤᠭᠠᠳ ᠤᠷᠤᠨ ᠨᠤᠳᠤᠬ ᠬᠦᠷᠳᠡᠯᠠ | ᠨᠠᠰᠤᠳᠠᠶᠢᠴᠤᠳ ᠲᠤ ᠦᠢᠯᠡᠴᠢᠯᠡᠬᠦ ᠠᠯᠢ ᠤᠯᠠᠨ ᠳᠦᠷᠦ ᠶᠢᠨ ᠪᠤᠳᠤᠯᠭᠠ ᠬᠠᠤᠯᠢ ᠳᠤᠬᠳᠠᠭᠠᠯ ᠢ ᠳᠤᠬᠳᠠᠭᠠᠵᠠᠢ᠃ | ᠬᠡᠪᠡᠴᠦ ᠤᠳᠤᠬᠠᠨ ᠤ ᠨᠡᠶᠢᠭᠡᠮ ᠨᠠᠰᠤᠵᠢᠯ ᠤᠨ ᠨᠡᠶᠢᠬᠡᠮ ᠪᠤᠯᠤᠭᠰᠠᠠ ᠪᠤᠯᠬᠤᠷ ᠨᠠᠰᠤᠳᠠᠶᠢᠴᠤᠳ ᠲᠤ ᠦᠢᠯᠡᠴᠢᠯᠡᠬᠦ | ᠳᠤᠰᠬᠠᠢ ᠮᠡᠷᠬᠡᠵᠢᠯ ᠢ ᠳᠡᠬᠡᠭᠰᠢᠯᠡᠬᠦᠯᠬᠦ ᠳᠠᠯᠠ ᠪᠠᠷ ᠮᠦᠨᠬᠦ ᠨᠡᠯᠢᠶᠡᠳ ᠬᠦᠷᠦᠯᠴᠡᠬᠦ ᠦᠭᠡᠢ ᠳᠠᠯᠠ ᠤᠷᠤᠰᠢᠵᠦ᠂ ᠵᠠᠷᠢᠮ ᠭᠠᠵᠠᠷ | ᠤᠷᠤᠨ᠂ ᠵᠠᠷᠢᠮ ᠭᠤᠬᠴᠤᠭᠠ ᠳᠤ ᠮᠦᠨᠬᠦ ᠬᠦᠷᠦᠯᠴᠡᠬᠦ ᠦᠬᠡᠢ ᠵᠦᠢᠯ ᠤᠷᠤᠰᠢᠵᠦ᠂ ᠴᠢᠨᠠᠬᠰᠢᠯᠠᠪᠠᠯ ᠪᠠᠰᠠ ᠨᠠᠰᠤᠳᠠᠶᠢᠴᠤᠳ ᠢ | ᠳᠠᠷᠤᠯᠠᠬᠤ᠂ ᠨᠠᠰᠤᠳᠠᠶᠢᠴᠤᠳ ᠢ ᠳᠤᠷᠤᠮᠵᠢᠯᠠᠬᠤ᠂ ᠨᠠᠰᠤᠳᠠᠶᠢᠴᠤᠳ ᠢ ᠬᠠᠮᠢᠶᠠᠷᠬᠤ ᠦᠭᠡᠢ ᠬᠠᠶᠠᠬᠤ ᠵᠡᠷᠬᠡ ᠨᠡᠶᠢᠭᠡᠮ ᠤᠨ | ᠠᠰᠠᠭᠤᠳᠠᠯ ᠤᠳ ᠪᠤᠢ ᠪᠤᠯᠵᠦ ᠪᠤᠢ᠃ ᠠᠷᠦ ᠳᠠᠬᠢ ᠰᠢᠯᠳᠠᠭᠠᠨ ᠢ ᠬᠦᠨ ᠰᠦᠪᠡᠭᠴᠢᠯᠡᠪᠡᠯ᠂ ᠵᠠᠩᠬᠢᠯᠠᠭᠠ ᠨᠢ ᠳᠦᠷᠦ ᠶᠢᠨ | ᠪᠤᠳᠤᠯᠭᠠ ᠬᠠᠤᠯᠢ ᠳᠤᠬᠳᠠᠭᠠᠯ ᠢ ᠪᠤᠳᠠᠳᠠᠢ ᠨᠠᠶᠢᠳᠠᠪᠤᠷᠢᠵᠢᠭᠤᠯᠤᠬᠰᠠᠨ ᠦᠬᠡᠢ ᠳᠤ ᠪᠤᠢ᠃ | ᠳᠤᠰ ᠤᠳᠠᠭᠠ ᠶᠢᠨ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠠᠴᠠ ᠭᠠᠷᠭᠠᠬᠰᠠᠨ ᠰᠠᠨᠠᠯ ᠨᠢ ︽ | ᠡᠪᠡᠳᠴᠢᠨ ᠤ ᠬᠤᠤᠷ ᠤᠨ ᠦᠨᠳᠦᠰᠦ︾ ᠶᠢ ᠤᠯᠵᠦ᠂ ᠠᠰᠠᠭᠤᠳᠠᠯ ᠢ ᠤᠯᠵᠦ ᠬᠠᠷᠠᠵᠠᠢ᠃ ᠵᠢᠱᠢᠶᠡᠯᠡᠪᠡᠯ ᠨᠦᠬᠦᠴᠡᠯ ᠳᠤ | ᠬᠦᠷᠦᠭᠰᠡᠨ ᠶᠠᠳᠠᠭᠤ ᠬᠦᠴᠢᠷᠳᠡᠯ ᠲᠠᠢ ᠨᠠᠰᠤᠳᠠᠶᠢᠴᠤᠳ ᠢ ᠨᠠᠭᠠᠳᠤ ᠵᠠᠬᠠ ᠶᠢᠨ ᠠᠮᠢᠳᠤᠷᠠᠯ ᠤᠨ ᠪᠠᠳᠤᠯᠠᠭᠠ ᠲᠠᠢ ᠪᠤᠯᠭᠠᠬᠤ᠂ | ᠶᠡᠭᠡ ᠬᠤᠳᠠ ᠳᠤ 80 ᠨᠠᠰᠤ ᠠᠴᠠ ᠳᠡᠬᠡᠭᠰᠢᠬᠢ ᠨᠠᠰᠤᠳᠠᠶᠢᠴᠤᠳ ᠢ ᠦᠷᠠ ᠬᠡᠤᠬᠡᠳ ᠢ ᠨᠢ ᠳᠠᠭᠠᠭᠤᠯᠤᠨ ᠡᠷᠦᠬᠡ ᠠᠮᠠ | ᠤᠷᠤᠭᠤᠯᠬᠤ᠂ ᠬᠦᠳᠡᠭᠡ ᠳᠤᠰᠬᠤᠨ ᠤ ᠨᠠᠰᠤᠳᠠᠶᠢᠴᠤᠳ ᠠᠯᠪᠠᠨ ᠵᠢᠷᠤᠮ ᠤᠨ ᠬᠦᠳᠡᠯᠮᠤᠷᠢ ᠦᠢᠯᠡᠴᠢᠯᠡᠭᠡ ᠳᠤ ᠤᠷᠤᠯᠴᠠᠭᠤᠯᠬᠤ | ᠡᠬᠦᠷᠭᠡ ᠶᠢ ᠳᠠᠭᠠᠭᠠᠯᠭᠠᠬᠤ ᠦᠭᠡᠢ᠂ 2017 ᠤᠨ ᠤ ᠰᠡᠬᠦᠯᠴᠢ ᠠᠴᠠ ᠡᠮᠤᠨᠠ ᠡᠮᠴᠢᠯᠡᠭᠡ ᠰᠢᠯᠵᠢᠬᠦᠯᠬᠦ ᠳᠤᠬᠳᠠᠭᠠᠯ ᠳᠤ | ᠨᠡᠶᠢᠴᠡᠭᠰᠡᠨ ᠨᠠᠰᠤᠳᠠᠶᠢᠴᠤᠳ ᠤᠨ ᠡᠮᠨᠡᠯᠬᠡ ᠶᠢᠨ ᠰᠦᠢᠳᠬᠡᠯ ᠢ ᠰᠢᠭᠤᠳ ᠳ᠋ᠦᠩᠨᠡᠨ ᠪᠤᠳᠤᠬᠤ ᠁ ᠡᠳᠡᠬᠡᠷ ᠳᠦᠷᠦ ᠶᠢᠨ | ᠪᠤᠳᠤᠯᠭᠠ ᠶᠢᠨ ᠠᠷᠭᠠ ᠠᠪᠴᠠᠯ ᠨᠢ ᠢᠯᠡ ᠳᠤᠳᠤᠬᠠᠨ ᠪᠤᠯᠤᠭᠠᠳ ᠪᠤᠢ᠃ | ᠨᠠᠰᠤᠳᠠᠶᠢᠴᠤᠳ ᠲᠤ ᠦᠢᠯᠡᠴᠢᠯᠡᠬᠦ ᠶᠢᠨ ᠡᠷᠬᠢᠮ ᠢᠨᠤ ᠦᠨᠡᠨ ᠰᠡᠳᠬᠢᠯ ᠠᠴᠠ ᠪᠠᠨ ᠬᠢᠬᠦ ᠳᠤ ᠪᠠᠶᠢᠵᠦ᠂ ᠮᠦᠨᠴᠤ | ᠦᠨᠡᠨ ᠰᠡᠳᠬᠢᠯ ᠠᠴᠠ ᠪᠠᠨ ᠬᠢᠪᠡᠯ ᠰᠠᠶ᠋ᠢ ᠪᠦᠳᠦᠳᠡᠭ᠂ ᠡᠯᠠ ᠭᠠᠵᠠᠷ ᠤᠷᠤᠨ ᠤ ᠬᠢᠨ ᠬᠠᠮᠢᠶᠠ ᠪᠦᠬᠦᠢ ᠳᠤᠬᠳᠠᠭᠠᠯ | ᠭᠠᠷᠭᠠᠬᠤ ᠠᠴᠠ ᠡᠮᠤᠨᠠ᠂ ᠨᠠᠰᠤᠳᠠᠶᠢᠴᠤᠳ ᠤᠨ ᠲᠠᠯᠠ ᠠᠴᠠ ᠠᠰᠠᠭᠤᠳᠠᠯ ᠢ ᠰᠠᠶᠢᠳᠤᠷ ᠪᠤᠳᠤᠯᠬᠢᠯᠠᠵᠦ᠂ ᠨᠠᠰᠤᠳᠠᠶᠢᠴᠤᠳ ᠤᠨ | ᠬᠡᠯᠡᠭᠰᠡᠨ ᠶᠠᠷᠢᠬᠰᠠᠨ ᠦᠬᠡ ᠶᠢ ᠰᠠᠶᠢᠳᠤᠷ ᠳᠤᠩᠭᠠᠨ ᠪᠤᠳᠤᠬᠤ ᠭᠡᠷᠡᠭᠲᠡᠢ︔ ᠨᠠᠰᠤᠳᠠᠶᠢᠴᠤᠳ ᠢ ᠲᠤᠰᠬᠠᠢ ᠠᠰᠠᠷᠠᠨ | ᠰᠤᠪᠢᠯᠠᠬᠤ ᠳᠤ ᠴᠢᠭᠯᠡᠬᠦᠯᠵᠦ᠂ ᠨᠠᠰᠤᠳᠠᠶᠢᠴᠤᠳ ᠲᠤ ᠳᠦᠬᠦᠮ ᠦᠵᠡᠬᠦᠯᠬᠦ ᠪᠠ ᠲᠡᠲᠡᠨ ᠤ ᠰᠠᠨᠠᠯ ᠢ ᠦᠨᠳᠦᠰᠦᠯᠡᠨ | ᠲᠦᠯᠦᠪᠯᠡᠵᠦ᠂ ᠭᠡᠷᠡᠭᠵᠢᠬᠦᠯᠬᠦ ᠭᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠡᠮᠨᠡᠯᠬᠡ ᠶᠢᠨ | ᠳᠠᠭᠠᠳᠬᠠᠯ ᠢ ᠤᠨᠳᠤᠤ ᠭᠠᠵᠠᠷ ᠲᠤ ᠳ᠋ᠦᠩᠨᠡᠨ ᠪᠤᠳᠤᠬᠤ᠂ ᠬᠠᠷᠰᠢ ᠰᠠᠭᠠᠳ ᠦᠬᠡᠢ ᠲᠦᠬᠦᠭᠡᠷᠤᠮᠵᠢ ᠶᠢᠨ ᠪᠦᠳᠦᠭᠡᠨ | ᠪᠠᠶᠢᠭᠤᠯᠤᠯᠳᠠ᠂ ᠤᠷᠳᠤ ᠬᠤᠭᠤᠴᠠᠭᠠ ᠪᠠᠷ ᠠᠰᠠᠷᠠᠨ ᠰᠤᠪᠢᠯᠠᠬᠤ ᠳᠠᠭᠠᠳᠬᠠᠯ ᠵᠡᠷᠬᠡ ᠡᠯᠠ ᠲᠦᠷᠦᠯ ᠤᠨ ᠢᠯᠡᠷᠭᠡᠢ | ᠠᠰᠠᠭᠤᠳᠠᠯ ᠢ ᠳᠡᠬᠦᠯᠳᠡᠷᠵᠢᠬᠦᠯᠦᠨ ᠰᠠᠶᠢᠵᠢᠷᠠᠭᠤᠯᠬᠤ ᠭᠡᠷᠡᠭᠲᠡᠢ᠃ ᠭᠠᠭᠴᠠᠬᠦ ᠪᠤᠳᠠᠳᠠᠢ ᠠᠵᠢᠯᠯᠠᠭᠠ ᠪᠠᠷ ᠢᠶᠠᠨ ᠡᠳᠡᠬᠡᠷ ᠡᠬᠦᠷᠬᠡ ᠶᠢ | ᠪᠡᠶᠡᠯᠡᠬᠦᠯᠪᠡᠯ᠂ ᠨᠠᠰᠤᠳᠠᠶᠢᠴᠤᠳ ᠲᠠᠭᠠᠨ ᠲᠦᠷᠦ ᠶᠢᠨ ᠪᠤᠳᠤᠯᠭᠠ ᠶᠢᠨ ᠬᠠᠯᠠᠭᠤᠨ ᠲᠤᠯᠠᠭᠠᠨ ᠢ ᠬᠦᠷᠳᠡᠬᠡᠵᠦ ᠴᠢᠳᠠᠬᠤ | ᠪᠤᠯᠤᠨᠠ᠃ ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷᠠ ᠶᠢᠨ 18 ᠤ ᠴᠠᠬᠢᠯᠭᠠᠨ ᠮᠡᠳᠡᠭᠡ ᠠᠴᠠ︶ | |