ᠭᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠳᠬᠠᠵᠦ᠂ ᠬᠤᠰᠢᠭᠤᠷᠠᠯ ᠮᠡᠷᠭᠡᠵᠢᠯ ᠤᠨ ᠰᠢᠨᠠ ᠶᠢ ᠡᠬᠦᠳᠬᠦ ᠶᠢ | ᠠᠬᠢᠭᠤᠯᠵᠦ᠂ 20 —30 ᠲᠦᠷᠦᠯ ᠤᠨ ᠬᠤᠰᠢᠭᠤᠷᠠᠯ ᠵᠠᠩᠬᠢᠯᠠᠭᠠ ᠶᠢᠨ ᠮᠡᠷᠭᠡᠵᠢᠯ ᠢ ᠬᠦᠴᠦᠯᠡᠨ ᠰᠢᠪᠳᠤᠯᠬᠤ ᠶᠢᠨ ᠬᠠᠮᠳᠦ | ᠭᠡᠷᠡᠭᠯᠡᠭᠡ ᠳᠤ ᠤᠷᠤᠭᠤᠯᠵᠤ᠂ ᠦᠨᠳᠦᠰᠦᠨ ᠱᠠᠳᠤᠨ ᠳᠤ ᠬᠠᠨᠳᠤᠭᠤᠯᠤᠨ 100 —150 ᠲᠦᠷᠦᠯ ᠤᠨ ᠰᠢᠨᠠ ᠮᠡᠷᠭᠡᠵᠢᠯ ᠢ | ᠳᠡᠯᠭᠡᠷᠡᠬᠦᠯᠵᠦ᠂ ᠭᠤᠤᠯᠳᠠᠯᠭᠠ ᠲᠠᠢ ᠬᠦᠮᠦᠰ ᠤᠨ ᠡᠷᠡᠬᠦᠯ ᠮᠡᠨᠳᠤ ᠶᠢ ᠪᠠᠳᠤᠯᠠᠨᠠ ᠁ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ᠂ ᠤᠯᠤᠰ ᠤᠨ ᠡᠷᠡᠬᠦᠯ ᠬᠠᠮᠠᠭᠠᠯᠠᠯ ᠬᠢᠭᠡᠳ ᠲᠦᠯᠦᠪᠯᠡᠭᠡᠳᠦ ᠦᠷᠡᠵᠢᠯ ᠤᠨ ᠵᠦᠪᠯᠡᠯ ᠵᠡᠷᠭᠡ 6 ᠰᠠᠯᠠᠭᠠ ᠮᠦᠴᠢᠷ | ᠤᠢᠢᠷᠠ ᠳᠤ ︽︿ᠠᠷᠪᠡᠨ ᠭᠤᠷᠪᠠᠳᠤᠭᠠᠷ ᠲᠠᠪᠤᠨ ᠵᠢᠯ﹀ ᠤᠨ ᠡᠷᠡᠬᠦᠯ ᠬᠠᠮᠠᠭᠠᠯᠠᠯ ᠪᠤᠯᠤᠨ ᠡᠷᠡᠬᠦᠯ ᠮᠡᠨᠳᠦ ᠶᠢᠨ ᠰᠢᠨᠠ ᠶᠢ | ᠡᠬᠦᠳᠬᠦ ᠲᠦᠯᠦᠪᠵᠢᠬᠦᠯᠭᠡ︾ ᠶᠢ ᠬᠠᠮᠳᠤᠷᠠᠨ ᠳᠠᠷᠤᠮᠠᠯᠯᠠᠨ ᠳᠠᠷᠭᠠᠬᠠᠵᠠᠢ᠃ | ᠲᠦᠯᠦᠪᠵᠢᠬᠦᠯᠭᠡ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠠ ᠶᠢ ᠡᠬᠦᠳᠬᠦ ᠴᠢᠠᠪᠤᠷᠢ ᠶᠢ ᠳᠡᠭᠡᠭᠰᠢᠯᠡᠬᠦᠯᠬᠦ᠂ | ᠡᠷᠡᠬᠦᠯ ᠮᠡᠨᠳᠦ ᠶᠢᠨ ᠦᠢᠯᠡᠴᠢᠯᠡᠭᠡᠨ ᠤ ᠠᠵᠤ ᠦᠢᠯᠡᠰ ᠢ ᠬᠦᠭᠵᠢᠬᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠳᠠᠨ ᠢ | ᠬᠦᠮᠦᠵᠢᠬᠦᠯᠬᠦ ᠵᠡᠷᠭᠡ ᠬᠠᠷᠠᠯᠳᠠ ᠶᠢᠨ ᠲᠤᠭᠤᠷᠢᠨ ᠳᠤ 12 ᠲᠦᠷᠦᠯ ᠤᠨ ᠡᠬᠦᠷᠭᠡ ᠳᠤᠷᠠᠳᠴᠦ᠂ ᠭᠡᠷᠡᠭᠯᠡᠭᠡᠨ ᠤ ᠰᠠᠭᠤᠷᠢ | ᠰᠤᠳᠤᠯᠭᠠᠨ ᠢ ᠴᠢᠩᠭᠠᠳᠬᠠᠬᠤ᠂ ᠬᠤᠰᠢᠭᠤᠷᠠᠯ ᠮᠡᠷᠭᠡᠵᠢᠯ ᠤᠨ ᠰᠢᠨᠠ ᠶᠢ ᠡᠬᠦᠳᠬᠦ ᠶᠢ ᠠᠬᠢᠭᠤᠯᠬᠤ᠂ ᠡᠪᠡᠳᠴᠢᠨ ᠬᠢᠵᠢᠭ ᠢ | ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠬᠦᠯᠬᠦ᠂ ᠭᠤᠤᠯᠳᠠᠯᠭᠠ ᠲᠠᠢ ᠬᠦᠮᠦᠰ ᠤᠨ ᠡᠷᠡᠬᠦᠯ ᠮᠠᠨᠳᠤ ᠶᠢ ᠪᠠᠳᠤᠯᠠᠬᠤ᠂ ᠡᠮ | ᠡᠮᠨᠡᠯᠭᠡ ᠶᠢᠨ ᠲᠦᠭᠰᠢᠬᠦᠷᠢ ᠶᠢᠨ ᠡᠵᠡᠮᠳᠡᠯ ᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠯ ᠢ | ᠠᠬᠢᠭᠤᠯᠬᠤ᠂ ᠬᠢᠳᠡᠳ ᠡᠮ ᠡᠮᠨᠡᠯᠭᠡ ᠶᠢᠨ ᠤᠳᠤᠬᠢᠴᠢᠯᠠᠯᠳᠠ ᠶᠢ ᠠᠬᠢᠭᠤᠯᠬᠤ᠂ ᠰᠢᠨᠠ ᠶᠢ ᠡᠬᠦᠳᠬᠦ ᠰᠠᠭᠤᠷᠢᠨ ᠲᠠᠪᠴᠠᠩ ᠪᠠ | ᠴᠢᠳᠠᠪᠤᠷᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠦᠷᠠ ᠪᠦᠳᠦᠭᠡᠯ ᠢ ᠰᠢᠯᠵᠢᠬᠦᠯᠦᠨ ᠤᠨᠳᠤᠤᠰᠢᠭᠤᠯᠬᠤ ᠶᠢ | ᠠᠬᠢᠭᠤᠯᠬᠤ᠂ ᠤᠯᠠᠨ ᠤᠯᠤᠰ ᠤᠨ ᠬᠠᠮᠳᠤᠷᠠᠯᠴᠠᠭᠠᠨ ᠤ ᠲᠤᠤᠷ ᠢ ᠪᠠᠶᠢᠭᠤᠯᠬᠤ ᠵᠡᠷᠭᠡ ᠲᠠᠯᠠ ᠶᠢ ᠪᠠᠭᠳᠠᠭᠠᠵᠠᠢ᠃ | ᠰᠢᠨᠵᠢᠯᠡᠬᠦ ᠤᠬᠠᠭᠠᠨ ᠤ ᠰᠤᠳᠤᠯᠭᠠᠨ ᠤ ᠦᠷᠠ ᠪᠦᠳᠦᠭᠡᠯ ᠪᠤᠯᠤᠨ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ | ᠦᠢᠯᠡᠳᠦᠯᠭᠡ ᠶᠢᠨ ᠬᠤᠭᠤᠷᠤᠨᠳᠤ ᠤᠷᠳᠤ ᠬᠤᠭᠤᠴᠠᠭᠠᠨᠠ ᠤᠷᠤᠰᠢᠵᠦ ᠪᠠᠶᠢᠬᠤ ︽ᠠᠰᠠ ᠠᠰᠲᠠᠭᠠᠨ ᠪᠤᠯᠤᠭᠰᠠᠠ︾ | ᠠᠰᠠᠭᠤᠳᠠᠯ ᠳᠤ ᠴᠢᠭᠯᠡᠬᠦᠯᠵᠦ᠂ ᠲᠦᠯᠦᠪᠵᠢᠬᠦᠯᠭᠡ ᠳᠤ᠂ ︽ᠢᠨᠲᠧᠷ ᠰᠦᠯᠵᠢᠶᠠ + ᠡᠮ ᠡᠮᠴᠢᠯᠡᠭᠡ ᠡᠷᠡᠬᠦᠯ ᠮᠡᠨᠳᠦ︾᠂ ᠬᠢᠳᠡᠳ | ᠡᠮᠨᠡᠯᠭᠡ ᠶᠢᠨ ︽ᠡᠪᠡᠳᠴᠢᠨ ᠢ ᠤᠷᠢᠳᠴᠢᠯᠡᠨ ᠰᠡᠷᠭᠡᠶᠢᠯᠡᠬᠦ︾᠂ ᠡᠮ ᠡᠮᠴᠢᠯᠡᠭᠡ ᠡᠷᠡᠬᠦᠯ ᠮᠡᠨᠳᠦ ᠶᠢᠨ ᠮᠠᠰᠢᠨ ᠲᠦᠬᠦᠭᠡᠷᠤᠮᠵᠢ᠂ | ᠢᠳᠡᠭᠡᠨ ᠤ ᠠᠮᠤᠷ ᠲᠦᠪᠰᠢᠨ᠂ ᠰᠢᠨᠵᠢᠯᠡᠬᠦ ᠤᠬᠠᠭᠠᠨᠴᠢ ᠪᠠᠷ ᠪᠡᠶᠠ ᠪᠤᠯᠪᠠᠰᠤᠷᠠᠭᠤᠯᠬᠤ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶᠠ ᠦᠵᠡᠬᠦᠯᠬᠦ ᠠᠵᠢᠯᠯᠠᠭᠠ ᠶᠢ ᠦᠷᠨᠢᠬᠦᠯᠵᠦ᠂ ᠲᠠᠶᠢᠴᠢᠯᠠᠬᠤ ᠦᠢᠯᠡᠳᠦᠯ ᠢ ᠪᠠᠳᠠᠷᠠᠭᠤᠯᠤᠨᠠ᠃ ᠡᠬᠦᠨ ᠤ | ᠵᠡᠷᠭᠡᠪᠡᠷ ᠬᠤᠰᠢᠭᠤᠷᠠᠯ ᠴᠢᠳᠠᠪᠤᠷᠢᠳᠠᠨ ᠪᠠ ᠰᠢᠨᠠ ᠶᠢ ᠡᠬᠦᠳᠬᠦ ᠪᠦᠯᠬᠦᠮ ᠢ ᠬᠦᠮᠦᠵᠢᠬᠦᠯᠵᠦ᠂ ᠪᠦᠬᠦ ᠠᠷᠠᠳ ᠤᠨ ᠡᠷᠡᠬᠦᠯ | ᠮᠡᠨᠳᠦ ᠶᠢᠨ ᠬᠡᠪ ᠪᠤᠯᠪᠠᠰᠤᠷᠠᠯ ᠢ ᠳᠡᠭᠡᠭᠰᠢᠯᠡᠬᠦᠯᠦᠨᠠ ᠭᠡᠵᠦ ᠳᠤᠳᠤᠷᠬᠠᠢᠢᠯᠠᠪᠠ᠃ | ᠲᠦᠯᠦᠪᠵᠢᠬᠦᠯᠭᠡ ᠳᠤ᠂ 2020 ᠤᠨ ᠪᠤᠯᠬᠤ ᠳᠤ᠂ ᠭᠡᠰᠡᠭ ᠭᠤᠤᠯᠳᠠᠯᠭᠠ ᠲᠠᠢ ᠬᠦᠷᠢᠶᠡᠨ ᠳᠠᠬᠢ ᠰᠠᠭᠤᠷᠢ | ᠬᠤᠰᠢᠭᠤᠷᠠᠯ ᠰᠤᠳᠤᠯᠭᠠᠨ ᠢ ᠴᠢᠬᠤᠯᠠ ᠠᠬᠢᠯᠳᠠ ᠲᠠᠢ ᠪᠤᠯᠭᠠᠵᠦ᠂ ᠡᠷᠡᠬᠦᠯ ᠬᠠᠮᠠᠭᠠᠯᠠᠯ ᠪᠠ ᠡᠷᠡᠬᠦᠯ ᠮᠡᠨᠳᠦ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨᠠ ᠶᠢ ᠡᠬᠦᠳᠬᠦ ᠴᠢᠳᠠᠪᠤᠷᠢ ᠶᠢ ᠮᠡᠳᠡᠭᠳᠡᠮᠠ ᠴᠢᠩᠭᠠᠳᠬᠠᠵᠦ᠂ ᠡᠷᠡᠬᠦᠯ ᠮᠡᠨᠳᠦ ᠶᠢᠨ ᠠᠵᠤ | ᠦᠢᠯᠡᠰ ᠤᠨ ᠬᠦᠭᠵᠢᠯᠳᠠ ᠶᠢ ᠲᠦᠷᠭᠡᠳᠭᠡᠬᠦ᠂ ᠡᠷᠡᠬᠦᠯ ᠡᠩᠭᠡ ᠳᠤᠮᠳᠠᠳᠤ ᠤᠯᠤᠰ ᠤᠨ ᠪᠠᠶᠢᠭᠤᠯᠤᠯᠳᠠ ᠶᠢ ᠠᠬᠢᠭᠤᠯᠬᠤ ᠳᠤ | ᠪᠠᠳᠤ ᠪᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯ ᠬᠠᠩᠭᠠᠨᠠ ᠭᠡᠵᠦ ᠳᠤᠷᠠᠳᠴᠠᠢ᠃ | |