6 ᠰᠠᠷᠠ ᠶᠢᠨ 19 ᠤ ᠡᠳᠦᠷ᠂ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ | ᠶᠡᠷᠦᠩᠬᠡᠶᠢᠯᠡᠭᠰᠡᠨ ᠴᠢᠨᠠᠷᠳᠠᠢ ᠵᠢᠩᠬᠢᠨᠢ ᠠᠩᠬᠢ ᠶᠢᠨ ᠤᠷᠠᠯᠢᠭ ᠤᠨ ᠳᠡᠬᠡᠳᠤ ᠰᠤᠷᠭᠠᠭᠤᠯᠢ ᠪᠤᠯᠬᠤ ᠦᠪᠦᠷ ᠮᠤᠩᠭᠤᠯ ᠤᠨ | ᠤᠷᠠᠯᠢᠭ ᠤᠨ ᠳᠡᠬᠡᠳᠤ ᠰᠤᠷᠭᠠᠭᠤᠯᠢ ᠫᠠᠶᠢᠰᠠ ᠡᠯᠬᠦᠨ ᠪᠠᠶᠢᠭᠤᠯᠤᠭᠳᠠᠪᠠ᠃ | ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠷᠢᠬᠦᠯᠡᠭᠴᠢ | ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠪᠠᠢ ᠰᠢᠶᠠᠩ ᠴᠢᠶᠦ᠋ᠨ ᠫᠠᠶᠢᠰᠠ | ᠡᠯᠬᠦᠬᠦ ᠶᠤᠰᠤᠯᠠᠯ ᠳᠤ ᠤᠷᠤᠯᠴᠠᠵᠤ᠂ ᠦᠪᠦᠷᠮᠤᠩᠭᠤᠯ ᠤᠨ ᠤᠷᠠᠯᠢᠭ ᠤᠨ ᠳᠡᠬᠡᠳᠤ ᠰᠤᠷᠭᠠᠭᠤᠯᠢ ᠶᠢᠨ ᠫᠠᠶᠢᠰᠠ ᠶᠢ ᠰᠡᠬᠦᠪᠡ᠃ | ᠦᠪᠦᠷ ᠮᠤᠩᠭᠤᠯ ᠤᠨ ᠤᠷᠠᠯᠢᠭ ᠤᠨ ᠳᠡᠬᠡᠳᠤ ᠰᠤᠷᠭᠠᠭᠤᠯᠢ ᠪᠤᠯ ᠤᠤᠯ ᠤᠨ 1957 ᠤᠨ ᠳᠤ ᠪᠠᠶᠢᠭᠤᠯᠤᠭᠳᠠᠭᠰᠠᠨ | ᠦᠪᠦᠷ ᠮᠤᠩᠭᠤᠯ ᠤᠨ ᠤᠷᠠᠯᠢᠭ ᠤᠨ ᠰᠤᠷᠭᠠᠭᠤᠯᠢ ᠪᠤᠯᠤᠨᠠ᠃ 1987 ᠤᠨ ᠤ 3 ᠰᠠᠷᠠ ᠳᠤ᠂ ᠦᠪᠦᠷ ᠮᠤᠩᠭᠤᠯ ᠤᠨ | ᠤᠷᠠᠯᠢᠭ ᠤᠨ ᠰᠤᠷᠭᠠᠭᠤᠯᠢ ᠨᠡᠷᠠ ᠪᠠᠨ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠷᠠᠯᠢᠭ ᠤᠨ ᠳᠡᠬᠡᠳᠤ ᠰᠤᠷᠭᠠᠭᠤᠯᠢ | ᠬᠡᠵᠦ ᠰᠤᠯᠢᠵᠠᠢ᠃ 2012 ᠤᠨ ᠳᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠠᠵᠤ | ᠠᠬᠤᠢ ᠨᠡᠶᠢᠬᠡᠮ ᠤᠨ ᠬᠦᠭᠵᠢᠯᠳᠡ ᠪᠠ ᠦᠨᠳᠦᠰᠦᠳᠡᠨ ᠤ ᠰᠤᠶᠤᠯ ᠤᠨ ᠬᠦᠴᠦᠷᠬᠡᠭ ᠤᠷᠤᠨ ᠢ ᠪᠠᠶᠢᠭᠤᠯᠬᠤ ᠳᠤ ᠴᠢᠳᠠᠪᠤᠷᠢᠳᠠᠨ ᠢ | ᠬᠦᠮᠦᠵᠢᠬᠦᠯᠬᠦ᠂ ᠦᠨᠳᠦᠰᠦᠳᠡᠨ ᠤ ᠰᠤᠶᠤᠯ ᠢ ᠮᠠᠨᠳᠤᠭᠤᠯᠤᠨ ᠬᠦᠭᠵᠢᠬᠦᠯᠬᠦ ᠱᠠᠭᠠᠷᠳᠠᠯᠭᠠ ᠪᠠᠷ ᠵᠢᠩᠬᠢᠨᠢ ᠠᠩᠬᠢ ᠶᠢᠨ ᠳᠤᠰᠬᠠᠢ | ᠤᠷᠠᠯᠢᠭ ᠤᠨ ᠰᠤᠷᠭᠠᠭᠤᠯᠢ ᠪᠠᠶᠢᠭᠤᠯᠬᠤ ᠪᠠᠷ ᠳᠤᠭᠳᠠᠵᠠᠢ᠃ 2015 ᠤᠨ ᠳᠤ᠂ ᠰᠤᠷᠭᠠᠨ ᠬᠦᠮᠦᠵᠢᠯ ᠤᠨ ᠶᠠᠮᠤᠨ ᠪᠠ | ᠦᠪᠡᠷᠳᠡᠬᠡᠨ ᠵᠠᠰᠠᠬᠤ ᠤᠷᠤᠨ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠷᠠᠯᠢᠭ ᠤᠨ ᠳᠡᠬᠡᠳᠤ ᠰᠤᠷᠭᠠᠭᠤᠯᠢ ᠶᠢ | ᠳᠤᠰᠠᠭᠠᠷ ᠨᠢ ᠦᠪᠦᠷ ᠮᠤᠩᠭᠤᠯ ᠤᠨ ᠤᠷᠠᠯᠢᠭ ᠤᠨ ᠳᠡᠬᠡᠳᠤ ᠰᠤᠷᠭᠠᠭᠤᠯᠢ ᠪᠤᠯᠭᠠᠬᠤ ᠪᠠᠷ ᠵᠢᠩᠬᠢᠨᠢ ᠪᠠᠷ ᠵᠦᠪᠰᠢᠶᠡᠷᠡᠪᠠ᠃ | ᠳᠤᠰᠬᠠᠢ ᠪᠠᠶᠢᠭᠤᠯᠤᠭᠰᠠᠨ ᠦᠪᠦᠷ ᠮᠤᠩᠭᠤᠯ ᠤᠨ ᠤᠷᠠᠯᠢᠭ ᠤᠨ ᠳᠡᠬᠡᠳᠤ ᠰᠤᠷᠭᠠᠭᠤᠯᠢ ᠨᠢ ᠦᠪᠡᠷᠳᠡᠬᠡᠨ ᠵᠠᠰᠠᠬᠤ ᠤᠷᠤᠨ ᠤ | ᠰᠢᠭᠤᠳ ᠬᠠᠷᠢᠶᠠ ᠶᠡᠭᠡ ᠳᠡᠬᠡᠳᠤ ᠰᠤᠷᠭᠠᠭᠤᠯᠢ᠂ ᠵᠢᠩᠬᠢᠨᠢ ᠠᠩᠬᠢ ᠶᠢᠨ ᠰᠤᠷᠭᠠᠨ ᠬᠦᠮᠦᠵᠢᠯ ᠢᠶᠠᠷ ᠭᠤᠤᠯ ᠪᠤᠯᠭᠠᠵᠤ᠂ | ᠦᠪᠡᠷᠳᠡᠬᠡᠨ ᠵᠠᠰᠬᠠᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠱᠠᠭᠠᠷᠳᠠᠬᠤ ᠬᠡᠷᠡᠭᠯᠡᠬᠡᠨ ᠤ ᠴᠢᠨᠠᠷᠳᠠᠢ᠂ | ᠮᠡᠷᠬᠡᠵᠢᠯ ᠤᠨ ᠴᠢᠨᠠᠷᠳᠠᠢ ᠴᠢᠳᠠᠪᠤᠷᠢᠳᠠᠨ ᠢ ᠬᠦᠮᠦᠵᠢᠬᠦᠯᠦᠨᠠ᠃ ᠳᠡᠬᠡᠳᠤ ᠰᠤᠷᠭᠠᠭᠤᠯᠢ ᠨᠢ ᠳᠤᠰᠬᠠᠢ ᠮᠡᠷᠬᠡᠵᠢᠯ ᠤᠨ | ᠳᠤᠬᠢᠷᠠᠭᠤᠯᠤᠯᠳᠠ ᠶᠢᠨ ᠬᠤᠪᠢ ᠳᠤ ᠤᠷᠠᠯᠢᠭ ᠤᠨ ᠲᠦᠷᠦᠯ ᠤᠨ ᠳᠤᠰᠬᠠᠢ ᠮᠡᠷᠬᠡᠵᠢᠯ ᠢᠶᠠᠷ ᠭᠤᠤᠯ ᠪᠤᠯᠭᠠᠵᠤ᠂ ᠤᠷᠠᠯᠢᠭ ᠤᠨ | ᠤᠬᠠᠭᠠᠨ ᠤ ᠤᠨᠤᠯ᠂ ᠳᠠᠭᠤᠤ ᠬᠦᠭᠵᠢᠮ ᠪᠠ ᠪᠦᠵᠢᠭ ᠤᠨ ᠤᠬᠠᠭᠠᠨ᠂ ᠰᠢ ᠵᠦᠴᠦᠬᠡ ᠪᠠ ᠺᠢᠨᠣ᠋ ᠶᠢᠨ ᠤᠬᠠᠭᠠᠨ᠂ ᠤᠷᠠᠨ | ᠵᠢᠷᠤᠭ ᠤᠨ ᠤᠬᠠᠭᠠᠨ᠂ ᠵᠢᠷᠤᠵᠤ ᠲᠦᠰᠦᠪᠯᠡᠬᠦ ᠤᠬᠠᠭᠠᠨ ᠵᠡᠷᠬᠡ 5 ᠨᠢᠬᠡᠳᠦᠬᠡᠷ ᠳᠡᠰ ᠤᠨ ᠰᠢᠨᠵᠢᠯᠡᠬᠡᠨ ᠤ ᠰᠠᠯᠠᠭᠠ᠂ | ᠰᠤᠶᠤᠯ ᠤᠨ ᠠᠵᠤ ᠦᠢᠯᠡᠰ ᠤᠨ ᠬᠠᠮᠢᠶᠠᠷᠤᠯᠳᠠ ᠶᠢᠨ ᠲᠤᠰᠬᠠᠢ ᠮᠡᠷᠬᠡᠵᠢᠯ ᠤᠨ ᠬᠤᠶᠠᠳᠤᠭᠠᠷ ᠳᠡᠰ ᠤᠨ 1 ᠰᠢᠨᠵᠢᠯᠡᠬᠡᠨ ᠤ | ᠰᠠᠯᠠᠭᠠ᠂ 18 ᠵᠢᠩᠬᠢᠨᠢ ᠠᠩᠬᠢ ᠶᠢᠨ ᠳᠤᠰᠬᠠᠢ ᠮᠡᠷᠬᠡᠵᠢᠯ᠂ 47 ᠳᠤᠰᠬᠠᠢ ᠮᠡᠷᠬᠡᠵᠢᠯ ᠤᠨ ᠴᠢᠭᠯᠡᠯ ᠲᠤᠬᠢᠷᠠᠭᠤᠯᠵᠠᠢ᠃ ᠳᠡᠬᠡᠳᠤ | ᠰᠤᠷᠭᠠᠭᠤᠯᠢ ᠨᠢ ᠤᠳᠤᠬᠠᠨ ᠳᠤ ᠤᠷᠠᠯᠢᠭ ᠤᠨ ᠤᠬᠠᠭᠠᠨ ᠤ ᠤᠨᠤᠯ᠂ ᠳᠠᠭᠤᠤ ᠬᠦᠭᠵᠢᠮ ᠪᠠ ᠪᠦᠵᠢᠭ ᠤᠨ ᠤᠬᠠᠭᠠᠨ᠂ ᠤᠷᠠᠨ | ᠵᠢᠷᠤᠭ ᠤᠨ ᠤᠬᠠᠭᠠᠨ ᠵᠡᠷᠬᠡ 3 ᠨᠢᠬᠡᠳᠦᠬᠡᠷ ᠳᠡᠰ ᠤᠨ ᠰᠢᠨᠵᠢᠯᠡᠬᠡᠨ ᠤ ᠰᠠᠯᠠᠭᠠ ᠶᠢᠨ ᠡᠷᠳᠡᠮ ᠰᠢᠨᠵᠢᠯᠡᠬᠡᠨ ᠤ ᠠᠰᠫᠢᠷᠠᠨᠲ ᠤᠨ | ᠴᠤᠯᠠ ᠤᠯᠭᠤᠬᠤ ᠡᠷᠭᠡ ᠲᠠᠢ᠂ ᠤᠷᠠᠯᠢᠭ ᠤᠨ ᠤᠬᠠᠭᠠᠨ ᠤ ᠬᠤᠶᠠᠳᠤᠭᠠᠷ ᠳᠡᠰ ᠤᠨ 1 ᠰᠢᠨᠵᠢᠯᠡᠬᠡᠨ ᠤ ᠰᠠᠯᠠᠭᠠ ᠶᠢᠨ ᠡᠷᠳᠡᠮ | ᠰᠢᠨᠵᠢᠯᠡᠬᠡᠨ ᠤ ᠠᠰᠫᠢᠷᠠᠨᠲ ᠤᠨ ᠴᠤᠯᠠ ᠤᠯᠭᠤᠬᠤ ᠡᠷᠬᠡ ᠲᠠᠢ᠂ ᠳᠠᠭᠤᠤ᠂ ᠪᠦᠵᠢᠭ᠂ ᠰᠢ ᠵᠦᠴᠦᠬᠡ᠂ ᠤᠷᠠᠨ ᠵᠢᠷᠤᠭ᠂ | ᠤᠷᠠᠯᠢᠭ ᠤᠨ ᠵᠢᠷᠤᠬ ᠲᠦᠰᠦᠪᠯᠡᠯ ᠵᠡᠷᠬᠡ 8 ᠳᠤᠰᠬᠠᠢ ᠮᠡᠷᠬᠡᠵᠢᠯ ᠤᠨ ᠬᠦᠷᠢᠶᠡᠨ ᠳᠤ ᠤᠷᠠᠯᠢᠭ ᠤᠨ ᠠᠰᠫᠢᠷᠠᠨᠲ ᠤᠨ ᠳᠤᠰᠬᠠᠢ | ᠮᠡᠷᠬᠡᠵᠢᠯ ᠤᠨ ᠴᠤᠯᠠ ᠤᠯᠭᠤᠬᠤ ᠡᠷᠬᠡ ᠲᠠᠢ᠃ | ᠦᠪᠦᠷ ᠮᠤᠩᠭᠤᠯ ᠤᠨ ᠤᠷᠠᠯᠢᠭ ᠤᠨ ᠳᠡᠬᠡᠳᠤ ᠰᠤᠷᠭᠠᠭᠤᠯᠢ 60 ᠰᠢᠬᠠᠮ ᠵᠢᠯ ᠤᠨ ᠰᠤᠷᠭᠠᠭᠤᠯᠢ ᠡᠷᠬᠢᠯᠡᠬᠦ | ᠠᠶᠠᠨ ᠳᠠᠭᠠᠨ ᠦᠪᠡᠷᠳᠡᠬᠡᠨ ᠵᠠᠰᠠᠬᠤ ᠤᠷᠤᠨ ᠤ ᠡᠯᠪᠡᠭ ᠪᠠᠶᠠᠯᠢᠭ ᠦᠨᠳᠦᠰᠦᠳᠡᠨ ᠤ ᠤᠷᠠᠯᠢᠭ ᠤᠨ ᠡᠬᠢ ᠪᠠᠶᠠᠯᠢᠭ ᠪᠠ ᠬᠦᠨ | ᠵᠤᠵᠠᠭᠠᠨ ᠦᠨᠳᠦᠰᠦᠳᠡᠨ ᠤ ᠰᠤᠶᠤᠯ ᠤᠨ ᠤᠤᠷ ᠳᠤᠨᠤᠳᠠᠰᠤ ᠳᠤ ᠰᠠᠭᠤᠷᠢᠯᠠᠵᠤ᠂ ᠦᠨᠳᠦᠰᠦᠳᠡᠨ ᠤ ᠤᠷᠠᠯᠢᠭ ᠤᠨ | ᠴᠢᠳᠠᠪᠤᠷᠢᠳᠠᠨ ᠢ ᠬᠦᠮᠦᠵᠢᠬᠦᠯᠬᠦ ᠪᠠᠷ ᠡᠬᠦᠷᠬᠡ ᠪᠠᠨ ᠪᠤᠯᠭᠠᠬᠤ ᠶᠢ ᠢᠮᠠᠭᠳᠠ ᠪᠠᠷᠢᠮᠳᠠᠯᠠᠵᠤ᠂ ᠦᠪᠦᠷ ᠮᠤᠩᠭᠤᠯ ᠳᠠᠭᠠᠨ | ᠰᠠᠭᠤᠷᠢᠯᠠᠵᠤ᠂ ᠮᠤᠩᠭᠤᠯ ᠦᠨᠳᠦᠰᠦᠳᠡᠨ ᠤ ᠤᠷᠠᠯᠢᠭ ᠢᠶᠠᠷ ᠲᠦᠯᠦᠬᠡᠯᠡᠬᠦᠯᠦᠭᠰᠡᠨ ᠤᠮᠠᠷᠠᠳᠤ ᠶᠢᠨ ᠴᠦᠬᠡᠨ ᠳᠤᠭᠠᠳᠤ | ᠦᠨᠳᠦᠰᠦᠳᠡᠨ ᠤ ᠤᠷᠠᠯᠢᠭ ᠢ ᠤᠯᠠᠮᠵᠢᠯᠠᠨ ᠬᠦᠭᠵᠢᠬᠦᠯᠬᠦ᠂ ᠳᠠᠯᠠ ᠨᠤᠳᠤᠭ ᠤᠨ ᠰᠤᠶᠤᠯ ᠢ ᠴᠡᠴᠡᠭᠯᠡᠬᠦᠯᠦᠨ ᠬᠦᠭᠵᠢᠬᠦᠯᠬᠦ ᠢᠯᠡ | ᠳᠤᠳᠤ ᠰᠤᠷᠭᠠᠭᠤᠯᠢ ᠡᠷᠬᠢᠯᠡᠬᠦ ᠤᠨᠴᠠᠯᠢᠭ ᠢ ᠪᠦᠷᠢᠯᠳᠦᠬᠦᠯᠵᠦ᠂ ᠦᠪᠡᠷᠳᠡᠬᠡᠨ ᠵᠠᠰᠠᠬᠤ ᠤᠷᠤᠨ ᠪᠠ ᠬᠡᠰᠡᠭ ᠮᠤᠵᠢ ᠤᠷᠤᠨ ᠳᠤ | 1.5 ᠲᠦᠮᠡ ᠭᠠᠷᠤᠢ ᠡᠯᠠ ᠲᠦᠷᠦᠯ ᠤᠨ ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠤᠨ ᠦᠭᠴᠤ᠂ ᠤᠯᠤᠰ ᠲᠠᠶᠠᠭᠠᠷ | ︽ᠦᠨᠳᠦᠰᠦᠳᠡᠨ ᠤ ᠤᠷᠠᠯᠢᠭ ᠤᠨ ᠴᠢᠳᠠᠪᠤᠷᠢᠳᠠᠨ ᠤ ᠦᠯᠦᠬᠡᠢ︾ ᠬᠡᠵᠦ ᠠᠯᠳᠠᠷᠰᠢᠵᠠᠢ᠃ | |