ᠤᠯᠤᠰ ᠤᠨ ᠲᠡᠷᠢᠬᠦᠯᠡᠭᠴᠢ ᠰᠢ ᠶᠢᠨ ᠫᠢᠩ 19 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠯᠳᠠᠨ | ᠲᠤᠭᠤᠰᠬᠠ ᠤᠯᠤᠰ ᠤᠳ ᠤᠨ ᠭᠠᠳᠠᠭᠠᠳᠦ ᠶᠠᠪᠤᠳᠠᠯ ᠤᠨ ᠰᠠᠶᠢᠳ ᠨᠠᠷ ᠤᠨ ᠠᠭᠤᠯᠵᠠᠯᠳᠠ ᠳᠤ ᠤᠷᠤᠯᠴᠠᠬᠤ ᠪᠠᠷ ᠢᠷᠡᠭᠰᠡᠨ | ᠤᠷᠤᠰ ᠤᠨ ᠭᠠᠳᠠᠭᠠᠳᠦ ᠶᠠᠪᠤᠳᠠᠯ ᠤᠨ ᠶᠠᠮᠤᠨ ᠤ ᠰᠠᠶᠢᠳ ᠯᠠᠹᠯᠦᠸᠧᠹ᠂ ᠡᠮᠦᠨᠡᠳᠦ ᠠᠹᠷᠢᠺᠠ ᠶᠢᠨ ᠭᠠᠳᠠᠭᠠᠳᠦ ᠶᠠᠪᠤᠳᠠᠯ ᠤᠨ | ᠶᠠᠮᠤᠨ ᠤ ᠰᠠᠶᠢᠳ ᠮᠠᠱᠠᠪᠠᠨ᠋ᠸᠢ᠂ ᠪᠷᠠᠽᠢᠯ ᠤᠨ ᠭᠠᠳᠠᠭᠠᠳᠦ ᠶᠠᠪᠤᠳᠠᠯ ᠤᠨ ᠶᠠᠮᠤᠨ ᠤ ᠰᠠᠶᠢᠳ ᠨᠦᠨ᠋ᠸᠢᠢᠰ᠂ ᠡᠨᠡᠳᠭᠡᠭ ᠤᠨ | ᠭᠠᠳᠠᠭᠠᠳᠦ ᠬᠠᠷᠢᠯᠴᠠᠭᠠᠨ ᠤ ᠲᠦᠷᠦ ᠶᠢᠨ ᠶᠠᠪᠤᠳᠠᠯ ᠤᠨ ᠰᠠᠶᠢᠳ ᠰᠢᠩᠧ ᠲᠠᠢ ᠠᠭᠤᠯᠵᠠᠵᠠᠢ᠃ | ᠰᠢ ᠶᠢᠨ ᠫᠢᠩ ᠠᠯᠳᠠᠨ ᠲᠤᠭᠤᠰᠬᠠ ᠤᠯᠤᠰ ᠤᠳ ᠤᠨ ᠭᠠᠳᠠᠭᠠᠳᠦ ᠶᠠᠪᠤᠳᠠᠯ ᠤᠨ ᠰᠠᠶᠢᠳ ᠨᠠᠷ ᠤᠨ ᠠᠭᠤᠯᠵᠠᠯᠳᠠ | ᠠᠮᠵᠢᠯᠳᠠ ᠲᠠᠢ ᠶᠠᠪᠤᠭᠳᠠᠭᠰᠠᠨ ᠳᠤ ᠪᠠᠶᠠᠷ ᠬᠦᠷᠭᠡᠵᠦ᠂ ᠳᠤᠮᠳᠠᠳᠤ ᠤᠯᠤᠰ ᠠᠯᠳᠠᠨ ᠲᠤᠭᠤᠰᠬᠠ ᠤᠯᠤᠰ ᠤᠨ ᠲᠡᠷᠢᠬᠦᠯᠡᠭᠴᠢ | ᠤᠯᠤᠰ ᠪᠤᠯᠬᠤ ᠳᠤ ᠦᠵᠡᠬᠦᠯᠦᠭᠰᠡᠨ ᠠᠯᠳᠠᠨ ᠲᠤᠭᠤᠰᠬᠠ ᠤᠯᠤᠰ ᠤᠳ ᠤᠨ ᠳᠡᠮᠵᠢᠯᠭᠡ ᠳᠤ ᠲᠠᠯᠠᠷᠬᠠᠵᠦ ᠪᠠᠶᠢᠬᠤ ᠪᠠᠨ | ᠢᠯᠡᠳᠭᠡᠵᠡᠢ᠃ ᠰᠢ ᠶᠢᠨ ᠫᠢᠩ᠂ ᠤᠳᠤᠬᠠᠨ ᠤ ᠳᠡᠯᠡᠭᠡᠢ ᠶᠢᠨ ᠡᠭᠡᠳᠡᠷᠡᠭᠡᠨᠳᠦ ᠪᠠᠶᠢᠳᠠᠯ ᠤᠨ ᠡᠮᠦᠨᠠ᠂ ᠠᠯᠳᠠᠨ ᠲᠤᠭᠤᠰᠬᠠ | ᠤᠯᠤᠰ ᠤᠳ ᠬᠠᠮᠳᠦ ᠶᠢᠨ ᠡᠬᠦᠷᠭᠡ ᠳᠤ ᠲᠤᠯᠭᠠᠷᠠᠵᠦ ᠪᠠᠶᠢᠭᠠ ᠪᠤᠯᠬᠤᠷ᠂ ᠲᠤᠰ ᠲᠤᠰ ᠤᠨ ᠢᠶᠠᠨ ᠲᠤᠭᠳᠠᠭᠤᠨ ᠪᠠ | ᠬᠦᠭᠵᠢᠯᠳᠠ ᠶᠢ ᠬᠠᠮᠠᠭᠠᠯᠠᠵᠦ᠂ ᠠᠰᠢᠬᠳᠠᠢ ᠳᠡᠯᠡᠭᠡᠢ ᠶᠢᠨ ᠤᠷᠴᠢᠨ ᠪᠠᠶᠢᠳᠠᠯ ᠢ ᠪᠤᠢ ᠪᠤᠯᠭᠠᠵᠦ᠂ ᠳᠡᠯᠡᠭᠡᠢ ᠶᠢᠨ ᠡᠮᠬᠢ ᠴᠡᠭᠴᠡ ᠶᠢ | ᠨᠡᠩ ᠲᠦᠪ ᠭᠤᠤᠯᠴᠢ ᠵᠤᠬᠢᠰᠳᠠᠢ ᠴᠢᠭᠯᠡᠯ ᠲᠡᠰᠢ ᠬᠦᠭᠵᠢᠬᠦ ᠶᠢ ᠠᠬᠢᠭᠤᠯᠤᠶᠠ᠃ ᠠᠯᠳᠠᠨ ᠲᠤᠭᠤᠰᠬᠠ ᠤᠯᠤᠰ ᠤᠳ ᠤᠨ | ᠬᠠᠮᠳᠤᠷᠠᠯᠴᠠᠭᠠ ᠪᠤᠯ ᠰᠢᠨᠠ ᠡᠬᠦᠳᠦᠯᠳᠠ ᠪᠠᠶᠢᠵᠤ᠂ ᠤᠯᠤᠰ ᠲᠦᠷᠦ ᠪᠠ ᠴᠡᠷᠢᠭ ᠤᠨ ᠶᠠᠪᠤᠳᠠᠯ ᠤᠨ ᠬᠤᠯᠪᠤᠭᠠ ᠪᠠᠶᠢᠭᠤᠯᠬᠤ | ᠬᠠᠭᠤᠴᠢᠨ ᠭᠡᠪᠰᠢᠯ ᠢ ᠡᠪᠳᠡᠵᠦ᠂ ᠬᠠᠨᠢᠰᠬᠤ ᠠᠴᠠ ᠪᠢᠰᠢ ᠬᠤᠯᠪᠤᠭᠠ ᠪᠠᠶᠢᠭᠤᠯᠬᠤ ᠦᠭᠡᠢ ᠰᠢᠨᠠ ᠬᠠᠷᠢᠯᠴᠠᠭᠠ ᠶᠢ | ᠪᠠᠶᠢᠭᠤᠯᠵᠠᠢ︔ ᠦᠵᠡᠯ ᠤᠬᠠᠮᠰᠠᠷ ᠤᠨ ᠭᠡᠯᠪᠡᠷᠢ ᠪᠠᠷ ᠵᠠᠭᠠᠬ ᠬᠤᠪᠢᠶᠠᠬᠤ ᠬᠠᠭᠤᠴᠢᠨ ᠰᠡᠳᠬᠢᠬᠦᠢ ᠠᠴᠠ ᠳᠠᠪᠠᠵᠦ᠂ ᠬᠠᠷᠢᠯᠴᠡᠨ | ᠬᠦᠨᠳᠦᠳᠭᠡᠵᠦ᠂ ᠬᠠᠮᠳᠤᠪᠡᠷ ᠲᠠᠪᠰᠢᠬᠤ ᠰᠢᠨᠠ ᠵᠠᠮ ᠢᠶᠠᠷ ᠵᠠᠮᠨᠠᠵᠠᠢ︔ ᠴᠢ ᠢᠯᠠᠭᠳᠠᠭᠠᠳ ᠪᠢ ᠢᠯᠠᠬᠤ᠂ ᠢᠯᠠᠬᠴᠢ ᠨᠢ | ᠪᠦᠬᠦᠨ ᠢ ᠬᠠᠮᠤᠷᠤᠨ ᠠᠪᠬᠤ ᠬᠠᠭᠤᠴᠢᠨ ᠤᠢᠢᠯᠠᠭᠠᠭᠳᠠᠬᠤᠨ ᠠᠴᠠ ᠳᠠᠪᠠᠵᠦ᠂ ᠬᠠᠷᠢᠯᠴᠠᠨ ᠬᠠᠷᠠᠭᠠᠯᠵᠠᠯ ᠦᠵᠡᠭᠦᠯᠵᠤ ᠬᠠᠷᠢᠯᠴᠠᠨ | ᠠᠰᠢᠬ ᠬᠦᠷᠳᠡᠭᠡᠬᠦ᠂ ᠬᠠᠮᠳᠤᠷᠠᠯᠴᠠᠵᠦ ᠬᠠᠮᠳᠤᠪᠡᠷ ᠠᠰᠢᠬ ᠬᠦᠷᠳᠡᠬᠦ ᠰᠢᠨᠠ ᠤᠢᠢᠯᠠᠭᠠᠭᠳᠠᠬᠤᠨ ᠢ ᠦᠢᠯᠡᠳᠦᠯᠭᠡᠵᠢᠬᠦᠯᠵᠡᠢ᠃ | ᠠᠯᠳᠠᠨ ᠲᠤᠭᠤᠰᠬᠠ ᠤᠯᠤᠰ ᠤᠳ ᠤᠨ ᠬᠠᠮᠳᠤᠷᠠᠯᠴᠠᠭᠠᠨ ᠤ ᠲᠤᠭᠳᠠᠴᠠ ᠨᠢ ᠲᠠᠪᠤᠨ ᠤᠯᠤᠰ ᠤᠨ ᠪᠤᠰᠤᠳᠴᠢ ᠭᠡᠷᠡᠭᠴᠡᠭᠡ ᠳᠤ | ᠵᠤᠬᠢᠴᠠᠭᠰᠠᠨ ᠪᠦᠭᠡᠳ ᠲᠡᠦᠭᠡ ᠶᠢᠨ ᠶᠡᠭᠡ ᠬᠠᠨᠳᠤᠰᠢ ᠳᠤ ᠴᠦ ᠵᠤᠬᠢᠴᠠᠵᠦ ᠪᠠᠶᠢᠨᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠠᠯᠳᠠᠨ ᠲᠤᠭᠤᠰᠬᠠ ᠤᠯᠤᠰ ᠤᠳ ᠤᠨ ᠬᠠᠮᠳᠤᠷᠠᠯᠴᠠᠭᠠᠨ ᠤ ᠲᠤᠭᠳᠠᠴᠠ ᠨᠢᠭᠡᠨᠳᠠ 10 ᠵᠢᠯ ᠤᠨ | ᠬᠤᠭᠤᠴᠠᠭᠠ ᠶᠢ ᠦᠩᠭᠡᠷᠡᠬᠦᠯᠵᠡᠢ᠂ ᠠᠯᠳᠠᠨ ᠲᠤᠭᠤᠰᠬᠠ ᠤᠯᠤᠰ ᠤᠳ ᠬᠦᠭᠵᠢᠯᠳᠠ ᠭᠡᠬᠦ ᠡᠨᠡᠬᠦ ᠭᠤᠤᠯ ᠰᠢᠵᠢᠮ ᠢ ᠪᠠᠳᠤ | ᠠᠳᠬᠤᠬᠤ ᠨᠢ ᠲᠠᠪᠤᠨ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠯᠦ ᠪᠠᠷᠠᠨ ᠪᠠᠰᠠ ᠳᠡᠯᠡᠭᠡᠢ ᠳ᠋ᠠᠬᠢᠨ ᠳᠤ | ᠢᠳᠡᠵᠦ ᠡᠮᠦᠰᠬᠦ ᠠᠰᠠᠭᠤᠳᠠᠯ ᠢᠶᠠᠨ ᠰᠢᠢᠳᠪᠦᠷᠢᠯᠡᠬᠦ᠂ ᠠᠮᠤᠷ ᠲᠦᠪᠰᠢᠨ ᠵᠡᠷᠭᠡ ᠠᠰᠠᠭᠤᠳᠠᠯ ᠢ ᠰᠢᠢᠳᠪᠤᠷᠢᠯᠡᠬᠦ ᠳᠤ | ᠦᠨᠳᠦᠰᠦ ᠠᠴᠠ ᠨᠢ ᠵᠠᠰᠠᠬᠤ ᠵᠤᠷ ᠭᠠᠷᠭᠠᠵᠦ ᠦᠭᠬᠦ ᠪᠤᠯᠤᠨᠠ᠃ ᠠᠯᠳᠠᠨ ᠲᠤᠭᠤᠰᠬᠠ ᠤᠯᠤᠰ ᠤᠳ ᠪᠤᠯ ᠠᠰᠢᠬ ᠲᠤᠰᠠ ᠪᠠ | ᠬᠤᠪᠢ ᠵᠠᠶᠠᠭᠠᠨ ᠤ ᠬᠠᠮᠳᠦ ᠶᠢᠨ ᠴᠤᠭᠴᠠ ᠮᠦᠨ᠃ ᠡᠨᠡ ᠵᠢᠯ ᠠᠯᠳᠠᠨ ᠲᠤᠭᠤᠰᠬᠠ ᠤᠯᠤᠰ ᠤᠳ ᠤᠨ ᠬᠠᠮᠳᠤᠷᠠᠯᠴᠠᠭᠠᠨ ᠤ | ᠲᠤᠭᠳᠠᠴᠠ ᠶᠢᠨ ᠬᠤᠶᠠᠳᠠᠬᠢ 10 ᠵᠢᠯ ᠢ ᠡᠬᠢᠯᠡᠬᠦᠯᠪᠡ᠂ ᠪᠢᠳᠠ ᠬᠠᠮᠳᠤᠷᠠᠯᠴᠠᠵᠦ ᠬᠠᠮᠳᠤᠪᠡᠷ ᠠᠰᠢᠬ ᠬᠦᠷᠳᠡᠬᠦ ᠠᠯᠳᠠᠨ | ᠲᠤᠭᠤᠰᠬᠠ ᠶᠢᠨ ᠵᠤᠷᠢᠭ ᠰᠠᠨᠠᠭᠠ ᠶᠢ ᠪᠠᠳᠠᠷᠠᠭᠤᠯᠵᠦ᠂ ᠬᠠᠮᠳᠤᠪᠡᠷ ᠵᠦᠪᠳᠡᠬᠦ᠂ ᠬᠠᠮᠳᠤᠪᠡᠷ ᠪᠠᠶᠢᠭᠤᠯᠬᠤ᠂ ᠬᠠᠮᠳᠤᠪᠡᠷ ᠡᠳ᠋ᠯᠡᠬᠦ | ᠤᠢᠢᠯᠠᠭᠠᠭᠳᠠᠬᠤᠨ ᠢ ᠪᠠᠷᠢᠮᠳᠠᠯᠠᠵᠦ᠂ ᠬᠦᠭᠵᠢᠯᠳᠠ ᠶᠢᠨ ᠲᠤᠭ ᠢ ᠦᠨᠳᠦᠷ ᠮᠠᠨᠳᠤᠭᠤᠯᠵᠦ᠂ ᠤᠯᠠᠨ ᠲᠠᠯᠠᠳᠦ ᠦᠵᠡᠯ ᠤᠨ ᠵᠠᠷᠴᠢᠮ | ᠪᠠ ᠳᠡᠯᠡᠭᠡᠢ ᠶᠢᠨ ᠬᠠᠷᠢᠯᠴᠠᠭᠠᠨ ᠤ ᠦᠨᠳᠦᠰᠦᠨ ᠪᠠᠷᠢᠮᠵᠢᠶᠠ ᠶᠢ ᠡᠷᠡᠰ ᠵᠢᠷᠤᠮᠯᠠᠶᠠ᠃ ᠤᠯᠠᠨ ᠢᠶᠠᠷ ᠰᠡᠳᠬᠢᠯ ᠨᠢᠭᠡᠳᠴᠦ ᠬᠦᠴᠦ | ᠬᠠᠮᠳᠤᠳᠬᠠᠪᠠᠯ ᠠᠯᠳᠠᠨ ᠲᠤᠭᠤᠰᠬᠠ ᠤᠯᠤᠰ ᠤᠳ ᠤᠨ ᠬᠠᠮᠳᠤᠷᠠᠯᠴᠠᠭᠠ ᠨᠡᠩ ᠬᠦᠭᠵᠢᠨ ᠪᠠᠳᠠᠷᠠᠵᠦ᠂ ᠬᠤᠶᠠᠳᠠᠬᠢ ᠰᠢᠵᠢᠷ | ᠠᠯᠳᠠᠨ 10 ᠵᠢᠯ ᠢᠶᠠᠨ ᠤᠬᠳᠤᠨ ᠠᠪᠴᠢᠷᠠᠵᠦ ᠴᠢᠳᠠᠨᠠ ᠭᠡᠵᠦ ᠴᠢᠬᠤᠯᠠᠴᠢᠯᠠᠪᠠ᠃ | ᠡᠯᠠ ᠤᠯᠤᠰ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭᠠ ᠨᠠᠷ᠂ ᠳᠤᠮᠳᠠᠳᠤ ᠶᠢᠨ ᠲᠠᠯᠠ ᠠᠯᠳᠠᠨ ᠲᠤᠭᠤᠰᠬᠠ | ᠤᠯᠤᠰ ᠤᠨ ᠵᠢᠵᠢᠬᠦᠷ ᠲᠡᠷᠢᠬᠦᠯᠡᠭᠴᠢ ᠤᠯᠤᠰ ᠤᠨ ᠬᠤᠪᠢ ᠪᠠᠷ ᠠᠯᠳᠠᠨ ᠲᠤᠭᠤᠰᠬᠠ ᠤᠯᠤᠰ ᠤᠳ ᠤᠨ ᠬᠠᠮᠳᠤᠷᠠᠯᠴᠠᠭᠠ ᠶᠢ | ᠠᠬᠢᠭᠤᠯᠬᠤ ᠶᠢᠨ ᠲᠦᠯᠦᠭᠡᠨᠠ ᠬᠢᠭᠰᠡᠨ ᠶᠡᠭᠡ ᠭᠡᠮᠵᠢᠶᠠᠨ ᠤ ᠠᠵᠢᠯ ᠳᠤ ᠲᠠᠯᠠᠷᠬᠠᠵᠦ ᠪᠠᠶᠢᠨᠠ᠃ ᠠᠯᠳᠠᠨ ᠲᠤᠭᠤᠰᠬᠠ ᠤᠯᠤᠰ | ᠪᠤᠯ ᠰᠢᠨᠠ ᠪᠠᠷ ᠮᠠᠨᠳᠤᠵᠦ ᠪᠠᠶᠢᠭᠠ ᠪᠠ ᠦᠷᠭᠡᠨ ᠳᠡᠯᠭᠡᠷ ᠠᠯᠤᠰ ᠢᠷᠡᠭᠡᠳᠦᠢ ᠲᠠᠢ ᠲᠤᠭᠳᠠᠴᠠ ᠮᠦᠨ᠃ ᠰᠢᠨᠠ ᠪᠠᠶᠢᠳᠠᠯ ᠤᠨ | ᠡᠮᠦᠨᠠ᠂ ᠠᠯᠳᠠᠨ ᠲᠤᠭᠤᠰᠬᠠ ᠤᠯᠤᠰ ᠤᠳ ᠬᠠᠮᠵᠢᠯᠴᠠᠭᠠ ᠬᠠᠮᠳᠤᠷᠠᠯᠴᠠᠭᠠ ᠪᠠᠨ ᠨᠢᠭᠳᠠᠷᠠᠭᠤᠯᠵᠦ᠂ ᠡᠯᠠ ᠲᠦᠷᠦᠯ ᠤᠨ ᠪᠦᠬᠦ | ᠪᠦᠮᠪᠦᠷᠴᠡᠭ ᠤᠨ ᠴᠢᠨᠠᠷᠳᠠᠢ ᠦᠷᠢᠰᠦᠯᠳᠦᠭᠡᠨ ᠢ ᠬᠠᠮᠳᠤᠪᠡᠷ ᠠᠷᠭᠠᠴᠠᠬᠤ ᠴᠢᠬᠤᠯᠠᠳᠠᠢ᠃ ᠳᠤᠮᠳᠠᠳᠤ ᠶᠢᠨ ᠲᠠᠯᠠ ᠶᠢᠨ | ᠲᠡᠷᠢᠬᠦᠯᠡᠭᠴᠢ ᠤᠯᠤᠰ ᠤᠨ ᠳᠠᠭᠠᠭᠤᠯᠭᠠ ᠲᠤᠤᠷᠠ᠂ ᠠᠯᠳᠠᠨ ᠲᠤᠭᠤᠰᠬᠠ ᠤᠯᠤᠰ ᠤᠳ ᠤᠨ ᠬᠠᠮᠳᠤᠷᠠᠯᠴᠠᠭᠠ ᠠᠯᠳᠠᠨ | ᠲᠤᠭᠤᠰᠬᠠ ᠤᠯᠤᠰ ᠤᠳ ᠤᠨ ᠠᠷᠠᠳ ᠲᠦᠮᠡᠨ ᠤ ᠪᠤᠶᠠᠨ ᠵᠢᠷᠭᠠᠯ ᠢ ᠴᠢᠨᠠᠭᠰᠢᠳᠠ ᠨᠡᠮᠡᠭᠳᠡᠬᠦᠯᠵᠦ᠂ ᠠᠯᠳᠠᠨ ᠲᠤᠭᠤᠰᠬᠠ | ᠤᠯᠤᠰ ᠤᠳ ᠤᠨ ᠪᠠᠶᠢᠷᠢ ᠰᠠᠭᠤᠷᠢ ᠪᠠ ᠳᠡᠯᠡᠭᠡᠢ ᠶᠢᠨ ᠨᠦᠯᠦᠭᠡᠯᠡᠬᠦ ᠬᠦᠴᠦ ᠶᠢ ᠴᠢᠩᠭᠠᠳᠬᠠᠨᠠ ᠭᠡᠳᠡᠭ ᠢ ᠢᠳᠡᠭᠡᠵᠦ ᠪᠠᠶᠢᠨᠠ᠃ | ᠡᠯᠠ ᠤᠯᠤᠰ ᠤᠨ ᠬᠢᠨ ᠳᠤᠷᠠᠳᠠᠶᠠ ᠳᠤᠮᠳᠠᠳᠤ ᠤᠯᠤᠰ ᠤᠨ ᠲᠡᠷᠢᠬᠦᠯᠡᠭᠴᠢ ᠤᠯᠤᠰ ᠲᠠᠢ ᠬᠠᠮᠵᠢᠯᠴᠠᠵᠦ ᠪᠠᠶᠢᠭᠠᠳ ᠠᠯᠳᠠᠨ | ᠲᠤᠭᠤᠰᠬᠠ ᠤᠯᠤᠰ ᠤᠳ ᠤᠨ ᠬᠠᠮᠳᠤᠷᠠᠯᠴᠠᠭᠠ ᠶᠢ ᠬᠦᠨᠵᠡᠭᠡᠢ ᠠᠬᠢᠭᠤᠯᠵᠦ᠂ ᠳᠤᠮᠳᠠᠳᠤ ᠶᠢᠨ ᠲᠠᠯᠠ ᠶᠢᠨ ᠠᠯᠳᠠᠨ ᠲᠤᠭᠤᠰᠬᠠ | ᠤᠯᠤᠰ ᠤᠳ ᠤᠨ ᠤᠳᠤᠷᠢᠳᠬᠤ ᠬᠦᠮᠦᠨ ᠤ ᠰᠢᠶᠠᠮᠧᠨ ᠤ ᠠᠭᠤᠯᠵᠠᠯᠳᠠ ᠶᠢ ᠠᠮᠵᠢᠯᠳᠠ ᠲᠠᠢ ᠡᠷᠬᠢᠯᠡᠬᠦ ᠶᠢ ᠳᠡᠮᠵᠢᠨᠠ ᠭᠡᠵᠦ | ᠢᠯᠡᠳᠭᠡᠵᠡᠭᠡᠪᠡ᠃ | | ᠲᠦᠷᠦ ᠶᠢᠨ ᠶᠠᠪᠤᠳᠠᠯ ᠤᠨ ᠭᠡᠰᠢᠬᠦᠨ ᠶᠠᠩ ᠵᠢᠶᠧ ᠤᠤᠢ ᠠᠭᠤᠯᠵᠠᠯᠳᠠ ᠳᠤ ᠤᠷᠤᠯᠴᠠᠵᠠᠢ᠃ | |