6 ᠰᠠᠷᠠ ᠶᠢᠨ 20 ᠤ ᠦᠳᠡ ᠶᠢᠨ ᠡᠮᠦᠨᠡ᠂ ᠮᠤᠩᠭᠤᠯ ᠬᠡᠯᠡᠨ ᠤ ᠲᠤᠯᠢ ᠪᠢᠴᠢᠭ ᠤᠨ ᠰᠤᠳᠤᠯᠭᠠᠨ ᠤ ᠲᠦᠪ | ᠪᠠᠶᠢᠭᠤᠯᠤᠭᠳᠠᠬᠤ ᠬᠤᠷᠠᠯ ᠬᠦᠬᠡᠬᠤᠳᠠ ᠳᠤ ᠶᠠᠪᠤᠭᠳᠠᠪᠠ᠃ ᠲᠤᠰ ᠰᠤᠳᠤᠯᠭᠠᠨ ᠤ ᠲᠦᠪ ᠢ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠠ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶᠠ | ᠬᠠᠮᠳᠤᠷᠠᠨ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ | ᠢᠨᠵᠧᠨᠧᠷᠢᠩ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ | ᠦᠰᠦᠭ ᠪᠢᠴᠢᠭ ᠢ ᠰᠤᠷᠴᠤ᠂ ᠬᠡᠷᠡᠭᠯᠡᠬᠦ᠂ ᠰᠤᠳᠤᠯᠬᠤ ᠬᠢᠬᠡᠳ ᠬᠦᠭᠵᠢᠭᠦᠯᠬᠦ ᠶᠢ ᠵᠢᠯᠤᠭᠤᠳᠤᠨ ᠲᠦᠷᠢᠮᠵᠢᠭᠦᠯᠵᠤ᠂ ᠮᠤᠩᠭᠤᠯ | ᠬᠡᠯᠡᠨ ᠤ ᠲᠤᠯᠢ ᠪᠢᠴᠢᠭ ᠢ ᠰᠤᠳᠤᠯᠬᠤ᠂ ᠨᠠᠶᠢᠷᠠᠭᠤᠯᠬᠤ᠂ ᠬᠡᠪᠯᠡᠭᠦ ᠠᠵᠢᠯ ᠢ ᠴᠢᠨᠠᠭᠰᠢᠳᠠ ᠲᠦᠯᠬᠢᠨ ᠠᠬᠢᠭᠤᠯᠬᠤ ᠶᠢ ᠵᠤᠷᠢᠵᠤ | ᠪᠠᠶᠢᠭᠤᠯᠤᠭᠰᠠᠨ ᠶᠤᠮ᠃ | ᠲᠤᠰ ᠰᠤᠳᠤᠯᠭᠠᠨ ᠤ ᠲᠦᠪ ᠨᠢ ᠡᠬᠢ ᠪᠠᠶᠠᠯᠢᠭ ᠤᠨ ᠰᠤᠷᠪᠤᠯᠵᠢ ᠶᠢ ᠨᠢᠭᠡᠳᠭᠡᠬᠦ᠂ ᠬᠡᠷᠡᠭᠯᠡᠭᠡᠨ ᠤ ᠳᠠᠪᠴᠠᠩ ᠢ | ᠬᠠᠮᠳᠤᠪᠠᠷ ᠪᠠᠶᠢᠭᠤᠯᠬᠤ᠂ ᠰᠢᠨᠵᠢᠯᠡᠬᠦ ᠤᠬᠠᠭᠠᠨᠴᠢ ᠪᠠᠷ ᠲᠦᠯᠦᠪᠯᠡᠬᠦ᠂ ᠡᠮᠬᠢ ᠲᠠᠷᠠᠭᠠ ᠲᠠᠢ ᠲᠦᠯᠬᠢᠨ ᠠᠬᠢᠭᠤᠯᠬᠤ᠂ ᠨᠡᠶᠢᠬᠡᠮ | ᠨᠡᠶᠢᠳᠡ ᠳᠤ ᠦᠢᠯᠡᠴᠢᠯᠡᠬᠦ ᠵᠠᠷᠴᠢᠮ ᠢᠶᠠᠷ᠂ ᠮᠤᠩᠭᠤᠯ ᠬᠡᠯᠡᠨ ᠤ ᠲᠤᠯᠢ ᠪᠢᠴᠢᠭ ᠢ ᠨᠠᠶᠢᠷᠠᠭᠤᠯᠤᠨ ᠬᠡᠪᠯᠡᠬᠦ ᠤᠨᠤᠯ ᠢ ᠰᠤᠳᠤᠯᠬᠤ᠂ | ᠮᠤᠩᠭᠤᠯ ᠬᠡᠯᠡᠨ ᠤ ᠲᠤᠯᠢ ᠪᠢᠴᠢᠭ ᠤᠨ ᠬᠦᠭᠵᠢᠯᠳᠡ ᠶᠢᠨ ᠪᠠᠶᠢᠯᠳᠤᠬᠤ ᠪᠤᠳᠤᠯᠭᠠ ᠬᠢᠬᠡᠳ ᠲᠦᠯᠦᠪᠯᠡᠭᠡ ᠶᠢ ᠰᠤᠳᠤᠯᠬᠤ᠂ | ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠬᠢᠬᠡᠳ ᠬᠠᠮᠢᠶᠠ ᠪᠦᠬᠦᠢ ᠰᠠᠯᠠᠭᠠ ᠮᠦᠴᠢᠷ ᠤᠨ | ᠮᠤᠩᠭᠤᠯ ᠬᠡᠯᠡᠨ ᠤ ᠲᠤᠯᠢ ᠪᠢᠴᠢᠭ ᠤᠨ ᠲᠤᠬᠠᠢ ᠬᠠᠮᠢᠶᠠᠷᠤᠯᠳᠠ ᠶᠢᠨ ᠠᠵᠢᠯ ᠳᠤ ᠦᠢᠯᠡᠴᠢᠯᠡᠭᠡ ᠬᠠᠩᠭᠠᠬᠤ᠂ ᠬᠠᠮᠢᠶᠠ ᠪᠦᠬᠦᠢ | ᠶᠡᠭᠡ ᠳᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠳᠤᠷᠠᠨ ᠮᠤᠩᠭᠤᠯ ᠬᠡᠯᠡᠨ ᠤ | ᠲᠤᠯᠢ ᠪᠢᠴᠢᠭ ᠢ ᠰᠤᠳᠤᠯᠬᠤ᠂ ᠨᠠᠶᠢᠷᠠᠭᠤᠯᠬᠤ ᠬᠢᠬᠡᠳ ᠬᠡᠪᠯᠡᠬᠦ ᠠᠵᠢᠯ ᠤᠨ ᠳᠠᠯᠠ ᠳᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠢ | ᠬᠦᠮᠦᠵᠢᠭᠦᠯᠬᠦ ᠳᠤ ᠦᠢᠯᠡᠴᠢᠯᠡᠬᠦ᠂ ᠨᠡᠶᠢᠬᠡᠮ ᠤᠨ ᠡᠯᠡ ᠡᠳᠡᠭᠡᠳ ᠲᠤ ᠮᠤᠩᠭᠤᠯ ᠬᠡᠯᠡᠨ ᠤ ᠳᠤᠯᠢ ᠪᠢᠴᠢᠭ ᠤᠨ ᠬᠠᠮᠢᠶᠠᠳᠠᠢ | ᠦᠢᠯᠡᠴᠢᠯᠡᠭᠡ ᠬᠠᠩᠭᠠᠬᠤ᠂ ᠮᠤᠩᠭᠤᠯ ᠬᠡᠯᠡᠨ ᠤ ᠲᠤᠯᠢ ᠪᠢᠴᠢᠭ ᠤᠨ ᠰᠤᠳᠤᠯᠭᠠᠨ ᠤ ᠡᠷᠳᠡᠮ ᠰᠢᠨᠵᠢᠯᠡᠭᠡᠨ ᠤ ᠰᠡᠳᠦᠪ ᠢ | ᠳᠠᠭᠠᠭᠠᠴᠢᠯᠠᠨ ᠬᠦᠢᠴᠡᠳᠭᠡᠬᠦ ᠵᠡᠷᠭᠡ ᠡᠭᠦᠷᠭᠡ ᠶᠢ ᠡᠭᠦᠷᠬᠡᠯᠡᠬᠦ ᠪᠤᠯᠤᠨᠠ᠃ | |