2017 ᠤᠨ ᠤ ᠰᠡᠬᠦᠯᠴᠢ ᠪᠤᠯᠳᠠᠯᠠ᠂ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠵᠤᠭᠠᠴᠠᠯ ᠡᠷᠬᠢᠯᠡᠵᠦ | ᠪᠠᠶᠢᠭᠠ ᠡᠷᠦᠬᠡ ᠶᠢᠨ ᠲᠤᠭᠠ 4317 ᠳᠤ ᠬᠦᠷᠴᠤ᠂ 15 ᠲᠦᠮᠡᠨ ᠮᠠᠯᠴᠢᠨ ᠲᠠᠷᠢᠶᠠᠴᠢᠨ ᠳᠤ ᠰᠢᠭᠤᠳ ᠠᠵᠢᠯ ᠤᠯᠭᠤᠵᠦ᠂ | 4.4 ᠲᠦᠮᠡᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠬᠢᠵᠢᠷᠠᠭᠤᠯᠪᠠ᠃ | ᠤᠢᠢᠷᠠ ᠶᠢᠨ ᠵᠢᠯ ᠠᠴᠠ ᠨᠠᠰᠢ᠂ ᠮᠠᠨ ᠤ ᠤᠷᠤᠨ ᠵᠤᠭᠠᠴᠠᠯ ᠢᠶᠠᠷ ᠠᠷᠠᠳ ᠢ ᠪᠠᠶᠠᠵᠢᠭᠤᠯᠬᠤ ᠢᠨᠵᠧᠨᠧᠷᠢᠩ ᠢ | ᠭᠤᠤᠯᠳᠠᠯᠭᠠ ᠲᠠᠢ ᠬᠡᠷᠡᠭᠵᠢᠬᠦᠯᠵᠦ᠂ ᠪᠦᠬᠦ᠋ᠢᠯᠡ ᠭᠠᠴᠠᠭᠠ ᠲᠤᠰᠬᠤᠨ ᠢᠶᠠᠷ ᠨᠢ ᠠᠬᠢᠭᠤᠯᠬᠤ᠂ ᠵᠤᠭᠠᠴᠠᠯ ᠤᠨ ᠦᠵᠡᠮᠵᠢ ᠶᠢᠨ | ᠤᠷᠤᠨ ᠢᠶᠠᠷ ᠲᠠᠶᠢᠴᠢᠯᠠᠬᠤ᠂ ︽ᠺᠤᠮᠫᠠᠨᠢ + ᠮᠠᠯᠵᠢᠬᠤ ᠲᠠᠷᠢᠶᠠᠯᠠᠬᠤ ᠡᠷᠦᠬᠡ︾ ᠵᠡᠷᠬᠡ ᠵᠠᠬᠪᠤᠷ ᠢᠶᠠᠷ ᠮᠠᠯᠵᠢᠬᠤ ᠲᠠᠷᠢᠶᠠᠯᠠᠬᠤ | ᠤᠷᠤᠨ ᠤ ᠵᠤᠭᠠᠴᠠᠯ ᠤᠨ ᠦᠢᠯᠡᠰ ᠢ ᠬᠦᠭᠵᠢᠬᠦᠯᠵᠦ᠂ 60 ᠭᠠᠷᠤᠢ ᠲᠦᠮᠡᠨ ᠮᠠᠯᠴᠢᠨ ᠲᠠᠷᠢᠶᠠᠴᠢᠨ ᠳᠤ ᠲᠠᠮ ᠢᠶᠠᠷ ᠠᠵᠢᠯ | ᠤᠯᠭᠤᠵᠦ᠂ ᠵᠢᠯ ᠤᠨ ᠡᠵᠡᠩᠨᠡᠯᠳᠡ ᠶᠢᠨ ᠤᠷᠤᠯᠭᠠ ᠨᠢ 20 ᠳ᠋ᠦᠩᠰᠢᠭᠤᠷ ᠲᠦᠬᠦᠷᠢᠭ ᠢ ᠲᠠᠪᠠᠭᠰᠠᠨ ᠪᠠᠶᠢᠨᠠ᠃ | ᠮᠠᠨ ᠤ ᠤᠷᠤᠨ ᠪᠠᠰᠠ ᠬᠦᠳᠡᠭᠡ ᠲᠤᠰᠬᠤᠨ ᠤ ᠵᠤᠭᠠᠴᠠᠯ ᠪᠠ ᠵᠤᠭᠠ ᠰᠡᠯᠡᠬᠦᠴᠡᠯ ᠤᠨ ᠮᠠᠯ ᠠᠵᠦ ᠠᠬᠤᠢ | ᠲᠠᠷᠢᠶᠠᠯᠠᠩ ᠤᠨ ᠵᠢᠱᠢᠶᠠ ᠦᠵᠡᠬᠦᠯᠬᠦ ᠬᠤᠰᠢᠭᠤ ᠰᠢᠶᠠᠨ ᠪᠤᠯᠤᠨ ᠵᠢᠱᠢᠶᠠ ᠦᠵᠡᠬᠦᠯᠬᠦ ᠴᠢᠬ᠂ ᠤᠳᠤᠨ ᠲᠡᠰ ᠤᠨ ᠬᠡᠷ ᠪᠦᠯᠢ ᠶᠢᠨ | ᠵᠤᠭᠠᠴᠠᠯ ᠡᠷᠬᠢᠯᠡᠬᠦ ᠡᠷᠦᠬᠡ ᠶᠢ ᠪᠠᠶᠢᠭᠤᠯᠬᠤ ᠶᠢ ᠠᠬᠢᠭᠤᠯᠵᠦ᠂ ᠬᠦᠷᠰᠢ ᠵᠡᠷᠭᠡᠯᠡᠳᠡᠭᠡ 8 ᠮᠤᠵᠢ ᠤᠷᠤᠨ ᠤ ᠠᠭᠤᠯᠵᠠᠷ ᠵᠢᠴᠢ | ᠬᠤᠳᠠ ᠶᠢᠨ ᠤᠢᠢᠷᠠ ᠬᠠᠪᠢ᠂ ᠰᠢᠯᠢᠳᠡᠭ ᠵᠤᠭᠠᠴᠠᠯ ᠤᠨ ᠵᠠᠮ ᠱᠤᠭᠤᠮ ᠲᠠᠭᠠᠤ ᠭᠠᠵᠠᠷ ᠲᠤ ᠬᠦᠳᠡᠭᠡ ᠲᠤᠰᠬᠤᠨ ᠤ ᠵᠤᠭᠠᠴᠠᠯ ᠤᠨ | ᠤᠷᠤᠨ ᠢ ᠪᠦᠳᠦᠬᠡᠨ ᠪᠠᠶᠢᠭᠤᠯᠵᠦ᠂ ᠰᠢᠯᠢᠳᠡᠭ ᠵᠤᠭᠠᠴᠠᠯ ᠤᠨ ᠦᠵᠡᠮᠵᠢ ᠶᠢᠨ ᠤᠷᠤᠨ ᠪᠤᠯᠤᠨ ᠴᠦᠬᠡᠨ ᠲᠤᠭᠠᠳᠤ ᠦᠨᠳᠦᠰᠦᠳᠡᠨ | ᠲᠦᠪᠯᠡᠷᠡᠨ ᠰᠠᠭᠤᠷᠢᠰᠢᠬᠰᠠᠨ ᠭᠠᠴᠠᠭᠠ ᠲᠤᠰᠬᠤᠨ ᠳᠤ ᠦᠪᠡᠷᠮᠢᠴᠡ ᠤᠨᠴᠠᠯᠢᠬ ᠲᠠᠢ ᠬᠦᠳᠡᠭᠡ ᠲᠤᠰᠬᠤᠨ ᠤ ᠵᠤᠭᠠᠴᠠᠯ ᠤᠨ | ᠲᠦᠬᠦᠬᠡᠷᠦᠮᠵᠢ ᠶᠢ ᠪᠦᠲᠦᠬᠡᠨ ᠪᠠᠶᠢᠭᠤᠯᠬᠤ ᠪᠠᠷ ᠲᠠᠮᠵᠢᠨ ᠨᠢᠬᠡ ᠪᠦᠯᠦᠭ ᠤᠨᠴᠠᠯᠢᠬᠳᠤ ᠵᠤᠭᠠᠴᠠᠯ ᠤᠨ ᠪᠠᠭᠠ ᠪᠠᠯᠭᠠᠰᠤ᠂ ᠬᠦᠳᠡᠭᠡ | ᠲᠤᠰᠬᠤᠨ ᠤ ᠵᠤᠭᠠᠴᠠᠯ ᠤᠨ ᠲᠦᠪᠯᠡᠷᠡᠭᠰᠡᠨ ᠲᠤᠭᠤᠷᠢᠬ ᠢ ᠪᠦᠲᠦᠬᠡᠨ ᠪᠠᠶᠢᠭᠤᠯᠵᠠᠢ᠃ | ᠤᠳᠤ ᠪᠦᠬᠦ ᠤᠷᠤᠨ ᠤ ᠤᠯᠤᠰ ᠤᠨ ᠪᠠ ᠦᠪᠡᠷᠳᠡᠬᠡᠨ ᠵᠠᠰᠠᠬᠤ ᠤᠷᠤᠨ ᠤ ᠲᠡᠰ ᠤᠨ ᠮᠠᠯ ᠠᠵᠤ ᠠᠬᠤᠢ ᠲᠠᠷᠢᠶᠠᠯᠠᠩ | ᠪᠤᠶᠤ ᠬᠦᠳᠡᠭᠡ ᠲᠤᠰᠬᠤᠨ ᠤ ᠵᠤᠭᠠᠴᠠᠯ ᠤᠨ ᠵᠢᠱᠢᠶᠠ ᠦᠵᠡᠬᠦᠯᠬᠦ 22 ᠬᠤᠰᠢᠭᠤ ᠰᠢᠶᠠᠨ᠂ ᠵᠤᠭᠠ ᠰᠡᠯᠡᠬᠦᠴᠡᠯ ᠤᠨ ᠮᠠᠯ ᠠᠵᠤ | ᠠᠬᠤᠢ ᠲᠠᠷᠢᠶᠠᠯᠠᠩ ᠤᠨ 597 ᠴᠢᠬ᠂ ᠮᠠᠯ ᠠᠵᠤ ᠠᠬᠤᠢ ᠲᠠᠷᠢᠶᠠᠯᠠᠩ ᠪᠤᠶᠤ ᠬᠦᠳᠡᠭᠡ ᠲᠤᠰᠬᠤᠨ ᠤ ᠵᠤᠭᠠᠴᠠᠯ ᠤᠨ ᠵᠢᠱᠢᠶᠠ | ᠦᠵᠡᠬᠦᠯᠬᠦ 100 ᠴᠢᠬ ᠲᠠᠢ ᠪᠤᠯᠤᠬᠰᠠᠨ ᠪᠠᠶᠢᠨᠠ᠃ | |