2 ᠰᠠᠷᠠ ᠶᠢᠨ 8 ᠤ ᠡᠳᠦᠷ᠂ ᠪᠦᠬᠦ ᠤᠷᠤᠨ ᠤ ︽ᠬᠢᠲᠠᠳ ᠡᠮ ᠡᠮᠨᠡᠯᠭᠡ ᠶᠢᠨ ᠬᠠᠤᠯᠢ︾ ᠶᠢᠨ ᠪᠤᠯᠪᠠᠰᠤᠷᠠᠯ ᠤᠨ | ᠠᠩᠭᠢ ᠵᠢᠴᠢ ᠮᠤᠩᠭᠤᠯ ᠬᠢᠲᠠᠳ ᠡᠮ ᠡᠮᠨᠡᠯᠭᠡ ᠶᠢᠨ ᠦᠭᠡᠷᠡᠴᠢᠯᠡᠯᠲᠡ ᠬᠦᠭᠵᠢᠭᠦᠯᠦᠯᠲᠡ ᠶᠢᠨ ᠬᠤᠷᠠᠯ ᠬᠦᠬᠡᠬᠤᠲᠠ ᠳᠤ | ᠶᠠᠪᠤᠭᠳᠠᠵᠤ᠂ ᠪᠦᠬᠦ ᠤᠷᠤᠨ ᠤ ᠮᠤᠩᠭᠤᠯ ᠬᠢᠲᠠᠳ ᠡᠮ ᠡᠮᠨᠡᠯᠭᠡ ᠶᠢᠨ ᠦᠭᠡᠷᠡᠴᠢᠯᠡᠯᠲᠡ ᠬᠦᠭᠵᠢᠭᠦᠯᠦᠯᠲᠡ ᠶᠢᠨ ᠠᠵᠢᠯ ᠢ | ᠪᠠᠶᠢᠷᠢᠯᠠᠭᠤᠯᠪᠠ᠃ | ᠤᠢᠢᠯᠠᠭᠠᠭᠰᠠᠨ ᠢᠶᠠᠷ᠂ ᠨᠢᠳᠤᠨᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠬᠢᠲᠠᠳ ᠡᠮ ᠡᠮᠨᠡᠯᠭᠡ ᠶᠢᠨ ᠡᠯᠡ | ᠲᠦᠷᠦᠯ ᠤᠨ ᠠᠵᠢᠯ ᠢᠯᠡᠷᠬᠡᠢ ᠠᠮᠵᠢᠯᠲᠠ ᠤᠯᠵᠤ᠂ ︽ᠬᠢᠲᠠᠳ ᠡᠮ ᠡᠮᠨᠡᠯᠭᠡ ᠶᠢᠨ ᠬᠠᠤᠯᠢ︾ ᠪᠤᠯᠤᠨ ᠳᠦᠷᠪᠡᠳᠦᠭᠡᠷ | ᠤᠳᠠᠭᠠ ᠶᠢᠨ ᠴᠦᠬᠡᠨ ᠲᠤᠭᠠᠲᠤ ᠦᠨᠳᠦᠰᠦᠲᠡᠨ ᠤ ᠡᠮ ᠡᠮᠨᠡᠯᠭᠡ ᠶᠢᠨ ᠠᠵᠢᠯ ᠤᠨ ᠬᠤᠷᠠᠯ ᠤᠨ ᠵᠤᠷᠢᠭ ᠰᠠᠨᠠᠭᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ︽ᠬᠢᠲᠠᠳ ᠡᠮ ᠡᠮᠨᠡᠯᠭᠡ ᠶᠢᠨ ᠬᠠᠤᠯᠢ︾ ᠳᠤ | ᠲᠤᠭᠲᠠᠭᠠᠭᠰᠠᠨ ᠴᠦᠬᠡᠨ ᠲᠤᠭᠠᠲᠤ ᠦᠨᠳᠦᠰᠦᠲᠡᠨ ᠤ ᠡᠮ ᠡᠮᠨᠡᠯᠭᠡ ᠶᠢᠨ ᠲᠦᠷᠦ ᠶᠢᠨ ᠪᠤᠳᠤᠯᠭᠠ ᠶᠢ ᠨᠠᠶᠢᠳᠠᠪᠤᠷᠢᠵᠢᠭᠤᠯᠵᠤ᠂ | ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠢᠯᠡᠳᠳᠡ ᠳᠡᠭᠡᠭᠰᠢᠯᠡᠵᠦ᠂ ᠬᠠᠮᠢᠶᠠᠷᠤᠯᠲᠠ ᠶᠢᠨ | ᠰᠢᠰᠲ᠋ᠧᠮ ᠤᠨ ᠪᠠᠶᠢᠭᠤᠯᠤᠯᠲᠠ ᠴᠢᠨᠠᠬᠰᠢᠳᠠ ᠲᠡᠭᠦᠯᠳᠡᠷᠵᠢᠨ᠂ ᠪᠦᠬᠦ ᠤᠷᠤᠨ ᠤ 12 ᠠᠶᠢᠮᠠᠭ ᠬᠤᠲᠠ ᠳᠤ ᠮᠤᠩᠭᠤᠯ ᠬᠢᠲᠠᠳ | ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶᠠ ᠪᠠᠶᠢᠭᠤᠯᠤᠭᠳᠠᠪᠠ᠃ 55 ᠬᠤᠰᠢᠭᠤ ᠰᠢᠶᠠᠨ ᠤ ᠮᠤᠩᠭᠤᠯ ᠡᠮᠨᠡᠯᠭᠡ ᠬᠢᠲᠠᠳ | ᠡᠮᠨᠡᠯᠭᠡ ᠶᠢᠨ ᠬᠤᠷᠢᠶᠠ ᠶᠢᠨ ᠪᠦᠲᠦᠭᠡᠨ ᠪᠠᠶᠢᠭᠤᠯᠤᠯᠲᠠ ᠳᠤ᠂ ᠨᠡᠶᠢᠲᠡ 21.7 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ 55.11 ᠲᠦᠮᠡᠨ ᠲᠡᠭᠰᠢ ᠳᠦᠷᠪᠡᠯᠵᠢᠨ ᠮᠧᠲᠷ ᠲᠤ ᠬᠦᠷᠴᠤ᠂ 18 | ᠡᠮᠨᠡᠯᠭᠡ ᠶᠢᠨ ᠬᠤᠷᠢᠶᠠ ᠨᠢᠭᠡᠨᠲᠡ ᠠᠰᠢᠭᠯᠠᠯᠲᠠ ᠳᠤ ᠤᠷᠤᠵᠠᠢ᠃ ᠮᠤᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢ ᠶᠢᠨ ᠵᠢᠷᠤᠮᠵᠢᠭᠰᠠᠨ | ᠪᠤᠯᠪᠠᠰᠤᠷᠠᠯ ᠪᠠ ᠪᠠᠭᠰᠢ ᠶᠢᠨ ᠪᠤᠯᠪᠠᠰᠤᠷᠠᠯ ᠢ ᠡᠷᠬᠢᠯᠡᠵᠤ᠂ ᠮᠤᠩᠭᠤᠯ ᠬᠢᠲᠠᠳ ᠡᠮ ᠡᠮᠨᠡᠯᠭᠡ ᠶᠢᠨ ᠰᠤᠳᠤᠯᠭᠠᠨ ᠢ ᠠᠬᠢᠭᠤᠯᠪᠠ᠃ | ᠬᠤᠷᠠᠯ ᠠᠴᠠ᠂ 2018 ᠤᠨ ᠤ ᠮᠤᠩᠭᠤᠯ ᠬᠢᠲᠠᠳ ᠡᠮ ᠡᠮᠨᠡᠯᠭᠡ ᠶᠢᠨ ᠠᠵᠢᠯ ᠢ ᠰᠠᠶᠢᠲᠤᠷ ᠬᠢᠬᠦ ᠳᠤ᠂ ᠰᠢᠨᠡ ᠴᠠᠭ | ᠦᠶᠡ ᠶᠢᠨ ᠰᠡᠳᠬᠢᠴᠡ ᠪᠠᠷ ᠠᠵᠢᠯ ᠢᠶᠠᠨ ᠲᠦᠯᠦᠪᠵᠢᠭᠦᠯᠵᠦ᠂ ᠮᠤᠩᠭᠤᠯ ᠬᠢᠲᠠᠳ ᠡᠸᠦ᠋ᠷᠦᠫᠡ ᠡᠮᠨᠡᠯᠭᠡ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠳᠠᠯᠠᠵᠤ᠂ ᠰᠢᠨᠡ ᠴᠠᠭ ᠦᠶᠡ ᠶᠢᠨ ᠡᠷᠡᠭᠦᠯ ᠬᠠᠮᠠᠭᠠᠯᠠᠯ ᠪᠤᠯᠤᠨ ᠡᠷᠡᠭᠦᠯ ᠴᠢᠬᠢᠷᠠᠭ ᠤᠨ ᠠᠵᠢᠯ ᠤᠨ | ᠴᠢᠭᠯᠡᠯᠲᠡ ᠶᠢ ᠬᠡᠷᠡᠭᠵᠢᠭᠦᠯᠵᠦ᠂ ᠮᠤᠩᠭᠤᠯ ᠬᠢᠲᠠᠳ ᠡᠮ ᠡᠮᠨᠡᠯᠭᠡ ᠶᠢᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ | ᠴᠢᠳᠠᠪᠤᠷᠢ ᠶᠢᠨ ᠤᠳᠤᠬᠢᠴᠢᠯᠠᠯᠲᠠ ᠶᠢ ᠲᠦᠷᠭᠡᠳᠬᠡᠵᠦ᠂ ᠦᠢᠯᠡᠴᠢᠯᠡᠭᠡᠨ ᠤ ᠴᠢᠳᠠᠪᠤᠷᠢ ᠪᠤᠯᠤᠨ ᠲᠦᠪᠰᠢᠨ ᠢᠶᠠᠨ | ᠳᠡᠭᠡᠭᠰᠢᠯᠡᠭᠦᠯᠵᠦ᠂ ᠰᠢᠨᠡ ᠴᠠᠭ ᠦᠶᠡ ᠶᠢᠨ ᠮᠤᠩᠭᠤᠯ ᠬᠢᠲᠠᠳ ᠡᠮ ᠡᠮᠨᠡᠯᠭᠡ ᠶᠢᠨ ᠬᠦᠭᠵᠢᠭᠦᠯᠦᠯᠲᠡ ᠶᠢᠨ ᠰᠢᠨᠡ ᠪᠠᠶᠢᠳᠠᠯ ᠢ | ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ | |