ᠠᠷᠠᠳ ᠤᠨ ᠰᠦᠯᠵᠢᠶᠡ ᠶᠢᠨ ᠪᠡᠭᠡᠵᠢᠩ ᠦᠨ 10 ᠰᠠᠷᠠ ᠶᠢᠨ21 ᠡᠳᠦᠷ ᠤᠨ ᠴᠠᠬᠢᠯᠭᠠᠨ | ᠮᠡᠳᠡᠭᠡ(ᠰᠤᠷᠪᠤᠯᠵᠢᠯᠠᠭᠴᠢ ᠳᠣᠷᠣᠨᠠ) ᠦᠨᠳᠦᠰᠦᠲᠡᠨ ᠨᠦᠭᠥᠳ ᠦᠨ ᠬᠠᠷᠢᠴᠠᠭᠠ ᠶᠢ ᠴᠢᠩᠭᠠᠳᠬᠠᠵᠤ ᠦᠨᠳᠦᠰᠦᠲᠡᠨ ᠦ | ᠪᠦᠯᠬᠦᠮᠳᠡᠯ ᠢ ᠠᠬᠢᠭᠤᠯᠤᠨ᠂ ᠬᠣᠲᠠ ᠳᠤ ᠠᠵᠢᠯᠯᠠᠵᠤ ᠠᠮᠢᠳᠤᠷᠠᠨ ᠰᠤᠷᠤᠯᠴᠠᠵᠤ ᠪᠠᠶᠢᠭᠠ ᠡᠯᠡ ᠦᠨᠳᠦᠰᠦᠲᠡᠨ ᠦ ᠠᠷᠠᠳ | ᠲᠦᠮᠡᠨ ᠦ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠪᠡᠭᠡᠵᠢᠩ ᠦᠨ ᠨᠠᠭᠠᠳᠤᠮ ᠤᠨ ᠵᠣᠬᠢᠶᠠᠨ ᠪᠠᠶᠢᠭᠤᠯᠬᠤ | ᠺᠣᠮᠢᠰ᠂ ᠲᠦᠩᠯᠢᠶᠣᠣ ᠬᠣᠲᠠ ᠶᠢᠨ ᠠᠷᠠᠳ ᠤᠨ ᠵᠠᠰᠠᠭ ᠤᠨ ᠣᠷᠳᠣᠨ᠂ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠠᠴᠠ | ᠭᠣᠣᠯᠯᠠᠨ ᠡᠷᠬᠢᠯᠡᠵᠦ᠂ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠶᠢᠨ ᠮᠣᠩᠭᠣᠯ ᠬᠡᠯᠡ ᠤᠳᠬᠠ ᠵᠣᠬᠢᠶᠠᠯ ᠤᠨ | ᠰᠠᠯᠪᠤᠷᠢ᠂ ᠪᠡᠭᠡᠵᠢᠩ ᠳᠡᠬᠢ ᠲᠦᠩᠯᠢᠶᠣᠣ ᠶᠢᠨ ᠠᠵᠤ ᠠᠬᠤᠶᠢᠯᠠᠯ ᠬᠤᠳᠠᠯᠳᠤᠭᠠᠴᠢᠳ ᠤᠨ ᠡᠪᠯᠡᠯ᠂ ᠲᠦᠩᠯᠢᠶᠣᠣ ᠬᠣᠲᠠ ᠶᠢᠨ | ᠪᠡᠶᠡ ᠶᠢᠨ ᠲᠠᠮᠢᠷ ᠤᠨ ᠲᠣᠪᠴᠢᠶᠠ ᠠᠴᠠ ᠬᠠᠮᠵᠢᠨ ᠡᠷᠬᠢᠯᠡᠭᠰᠡᠨ ᠭᠤᠴᠢᠨ ᠨᠠᠢᠮᠠᠳᠤᠭᠠᠷ ᠬᠤᠭᠤᠴᠠᠭᠠᠨ ᠤ ᠪᠡᠭᠡᠵᠢᠩ ᠦᠨ ᠨᠠᠭᠠᠳᠤᠮ | 2018 ᠣᠨ ᠤ10 ᠰᠠᠷᠠ ᠶᠢᠨ20 ᠡᠳᠦᠷ ᠪᠡᠭᠡᠵᠢᠩ ᠦᠨ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠳᠤ | ᠨᠢᠵᠢᠭᠢᠷ ᠰᠠᠶᠢᠬᠠᠨ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠤ᠂ 1600 ᠭᠠᠷᠤᠢ ᠬᠦᠮᠦᠨ ᠢᠶᠡᠷ ᠪᠦᠷᠢᠯᠳᠦᠭᠰᠡᠨ20 ᠭᠠᠷᠤᠢ ᠵᠢᠭᠰᠠᠭᠠᠯ ᠤᠨ ᠡᠩᠨᠡᠭᠡ | ᠲᠠᠯᠠᠪᠠᠢ ᠳᠤ ᠣᠷᠣᠬᠤ ᠶᠢᠨ ᠬᠠᠮᠲᠤ ᠲᠥᠪ ᠴᠢᠩᠭᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠵᠠᠢ᠃ | ᠲᠦᠩᠯᠢᠶᠣᠣ ᠬᠣᠲᠠ ᠡᠴᠡ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠶᠢᠨ ᠮᠣᠩᠭᠣᠯ ᠬᠡᠯᠡ ᠤᠳᠬᠠ ᠵᠣᠬᠢᠶᠠᠯ ᠤᠨ | ᠰᠠᠯᠪᠤᠷᠢ ᠶᠢᠨ《ᠮᠦᠩᠬᠡ ᠭᠠᠯ》 ᠦᠨᠳᠦᠰᠦᠲᠡᠨ ᠦ ᠰᠤᠷᠭᠠᠨ ᠬᠦᠮᠦᠵᠢᠯ ᠦᠨ ᠰᠠᠭᠤᠷᠢ ᠮᠦᠩᠭᠦ ᠳᠦ 50 ᠲᠦᠮᠡᠨ | ᠲᠦᠭᠦᠷᠢᠭ ᠬᠠᠨᠳᠢᠪᠯᠠᠬᠤ ᠶᠢᠨ ᠬᠠᠮᠲᠤ ᠪᠡᠭᠡᠵᠢᠩ ᠳᠡᠬᠢ ᠲᠦᠩᠯᠢᠶᠣᠣ ᠶᠢᠨ ᠠᠵᠤ ᠠᠬᠤᠶᠢᠯᠠᠯ ᠬᠤᠳᠠᠯᠳᠤᠭᠠᠴᠢᠳ ᠤᠨ ᠡᠪᠯᠡᠯ ᠳᠤ | ᠬᠡᠮᠡᠷᠯᠢᠭ ᠲᠤᠭ ᠣᠯᠭᠣᠵᠠᠢ︔ ᠪᠡᠭᠡᠵᠢᠩ ᠳᠡᠬᠢ ᠲᠦᠩᠯᠢᠶᠣᠣ ᠶᠢᠨ ᠠᠵᠤ ᠠᠬᠤᠶᠢᠯᠠᠯ ᠬᠤᠳᠠᠯᠳᠤᠭᠠᠴᠢᠳ ᠤᠨ ᠡᠪᠯᠡᠯ ᠠᠴᠠ | ᠲᠥᠪ ᠦᠨ ᠦᠨᠳᠦᠰᠦᠲᠡᠨ ᠦ ᠨᠣᠮ ᠤᠨ ᠰᠠᠩ ᠳᠤ ᠨᠣᠮ ᠪᠢᠴᠢᠭ ᠬᠠᠨᠳᠢᠪᠯᠠᠵᠠᠢ︔ ᠪᠡᠭᠡᠵᠢᠩ ᠦᠨ ᠨᠠᠭᠠᠳᠤᠮ ᠤᠨ ᠵᠣᠬᠢᠶᠠᠨ | ᠪᠠᠶᠢᠭᠤᠯᠬᠤ ᠺᠣᠮᠢᠰ ᠠᠴᠠ ᠪᠡᠭᠡᠵᠢᠩ ᠦᠨ ᠨᠠᠭᠠᠳᠤᠮ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠳ ᠲᠦ ᠢᠷᠠᠭᠤ ᠠᠯᠳᠠᠷ ᠤᠨ | ᠦᠨᠡᠮᠯᠡᠯ ᠣᠯᠭᠣᠵᠠᠢ᠃ | ᠡᠬᠢᠯᠡᠯᠲᠡ ᠶᠢᠨ ᠶᠣᠰᠣᠯᠠᠯ ᠤᠨ ᠳᠠᠷᠠᠭᠠ᠂ ᠭᠣᠴᠣ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠠᠪᠤᠭᠳᠠᠵᠤ᠂ ᠪᠥᠬᠡ | ᠪᠠᠷᠢᠯᠳᠤᠬᠤ᠂ ᠰᠤᠷ ᠬᠠᠷᠪᠤᠬᠤ᠂ ᠬᠥᠯ ᠪᠦᠮᠪᠦᠭᠡ᠂ ᠰᠠᠭᠰᠤᠨ ᠪᠦᠮᠪᠦᠭᠡ᠂ ᠠᠯᠠᠭᠠᠳᠠᠬᠤ ᠪᠦᠮᠪᠦᠭᠡ ᠶᠢᠨ ᠤᠷᠤᠯᠳᠤᠭᠠᠨ᠂ ᠳᠡᠭᠡᠰᠦ | ᠲᠠᠲᠠᠬᠤ ᠮᠦᠷᠦᠶᠢᠴᠡᠭᠡᠨ᠂ ᠮᠣᠩᠭᠣᠯ ᠰᠢᠲᠠᠷᠠ᠂ ᠬᠡᠥᠬᠡᠳ ᠦᠨ ᠤᠷᠠᠨ ᠤᠩᠰᠢᠯᠭᠠ ᠶᠢᠨ ᠤᠷᠤᠯᠳᠤᠭᠠᠨ ᠵᠢᠴᠢ ᠮᠣᠩᠭᠣᠯ | ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠣᠯᠠᠨ ᠠᠭᠤᠯᠭᠠ ᠪᠦᠬᠦᠢ ᠤᠷᠤᠯᠳᠤᠭᠠᠨ ᠮᠦᠷᠦᠶᠢᠴᠡᠭᠡᠨ ᠢ ᠵᠣᠬᠢᠶᠠᠨ | ᠪᠠᠶᠢᠭᠤᠯᠵᠤ᠂ ᠮᠣᠩᠭᠣᠯ ᠤᠯᠤᠰ ᠪᠠ ᠮᠠᠨ ᠤ ᠤᠯᠤᠰ ᠤᠨ ᠡᠯᠡ ᠭᠠᠵᠠᠷ ᠣᠷᠣᠨ ᠠᠴᠠ ᠬᠦᠷᠦᠯᠴᠡᠨ ᠢᠷᠡᠭᠰᠡᠨ 2000 | ᠨᠠᠭᠠᠳᠤᠮᠴᠢᠳ ᠤᠨ ᠠᠩᠬᠠᠷᠤᠯ ᠢ ᠲᠠᠲᠠᠨ ᠣᠷᠣᠯᠴᠠᠭᠤᠯᠤᠭᠰᠠᠨ ᠢᠶᠠᠷ ᠪᠠᠷᠠᠬᠤ ᠦᠭᠡᠢ᠂ ᠪᠤᠳᠠᠰ ᠤᠨ ᠪᠤᠰᠤ ᠰᠣᠶᠣᠯ ᠤᠨ | ᠥᠪ ᠦᠨ ᠦᠵᠡᠰᠬᠦᠯᠡᠩ᠂ ᠮᠣᠩᠭᠣᠯ ᠨᠣᠮ ᠪᠢᠴᠢᠭ ᠳᠠᠭᠤᠤ ᠳᠦᠷᠰᠦ ᠰᠢᠩᠭᠡᠭᠡᠯᠲᠡ ᠶᠢᠨ ᠪᠦᠲᠦᠭᠡᠭᠳᠡᠭᠦᠨ᠂ ᠮᠣᠩᠭᠣᠯ | ᠤᠯᠤᠰ ᠤᠨ ᠪᠠᠷᠠ ᠲᠠᠸᠠᠷ᠂ ᠥᠪᠥᠷ ᠮᠣᠩᠭᠣᠯ ᠤᠨ ᠣᠨᠴᠠ ᠭᠠᠷᠤᠯᠲᠠ ᠵᠡᠷᠭᠡ ᠶᠢᠨ ᠦᠵᠡᠰᠬᠦᠯᠡᠩ ᠳᠡᠯᠭᠡᠭᠳᠡᠵᠦ | ᠨᠠᠭᠠᠳᠤᠮᠴᠢᠳ ᠤᠨ ᠰᠡᠳᠬᠢᠯ ᠢ ᠪᠠᠶᠠᠰᠬᠠᠵᠠᠢ᠃ | ᠪᠡᠭᠡᠵᠢᠩ ᠦᠨ ᠨᠠᠭᠠᠳᠤᠮ ᠨᠢ 1981 ᠣᠨ ᠳᠤ ᠪᠡᠭᠡᠵᠢᠩ ᠲᠡᠬᠢ ᠮᠣᠩᠭᠣᠯ ᠦᠨᠳᠦᠰᠦᠲᠡᠨ ᠦ ᠺᠠᠳ᠋ᠷ ᠪᠠᠭᠰᠢ | ᠰᠤᠷᠤᠭᠴᠢᠳ ᠠᠴᠠ ᠰᠠᠶᠢᠨ ᠳᠤᠷᠠ ᠠᠴᠠ ᠪᠠᠨ ᠵᠣᠬᠢᠶᠠᠨ ᠪᠠᠶᠢᠭᠤᠯᠤᠨ ᠡᠷᠬᠢᠯᠡᠭᠰᠡᠨ ᠡᠴᠡ ᠣᠳᠣ ᠪᠣᠯᠲᠠᠯᠠ ᠨᠢᠭᠡᠨᠲᠡ 38 | ᠬᠤᠭᠤᠴᠠᠭᠠ ᠪᠣᠯᠵᠤ᠂ ᠲᠠᠯᠠ ᠶᠢᠨ ᠨᠠᠭᠠᠳᠤᠮ ᠨᠢ ᠬᠣᠲᠠ ᠳᠤ ᠢᠷᠡᠵᠦ 30 ᠭᠠᠷᠤᠢ ᠵᠢᠯ ᠦᠨ ᠬᠦᠭᠵᠢᠯᠲᠡ ᠪᠡᠷ ᠳᠠᠮᠵᠢᠨ | ᠨᠡᠭᠦᠳᠡᠯ ᠰᠣᠶᠣᠯ ᠤᠨ ᠥᠪᠡᠷᠮᠢᠴᠡ ᠰᠢᠳᠢ ᠶᠢ ᠳᠡᠯᠡᠬᠡᠢ ᠳᠠᠬᠢᠨ ᠳᠤ ᠳᠡᠯᠭᠡᠨ ᠦᠵᠡᠭᠦᠯᠦᠭᠰᠡᠨ ᠢᠶᠡᠷ ᠪᠠᠷᠠᠬᠤ ᠦᠭᠡᠢ ᠣᠳᠣ | ᠨᠢᠭᠡᠨᠲᠡ ᠨᠡᠶᠢᠰᠯᠡᠯ ᠦᠨ ᠦᠨᠳᠦᠰᠦᠲᠡᠨ ᠦ ᠪᠠᠶᠠᠷ ᠳᠤᠷᠠᠰᠬᠠᠯ ᠤᠨ ᠡᠳᠦᠷ ᠦᠨ ᠨᠡᠷᠡᠲᠦ ᠲᠦᠷᠦᠯ ᠲᠡᠮᠳᠡᠭᠳᠦ ᠪᠠ ᠬᠣᠲᠠ ᠶᠢᠨ | ᠰᠣᠶᠣᠯ ᠤᠨ ᠬᠦᠭᠵᠢᠯᠲᠡ ᠶᠢᠨ ᠰᠢᠨᠡ ᠬᠡᠪ ᠵᠠᠭᠪᠤᠷ ᠪᠣᠯᠣᠭᠰᠠᠨ ᠪᠠᠶᠢᠨᠠ᠃ | | |