11 ᠰᠠᠷᠠ ᠶᠢᠨ 7 ᠤ ᠦᠳᠡ ᠶᠢᠨ ᠡᠮᠦᠨᠡ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ ᠬᠠᠮᠳᠦ ᠶᠢᠨ | ᠰᠤᠷᠤᠯᠴᠠᠯᠭᠠ ︵ᠦᠷᠭᠡᠳᠭᠡᠭᠰᠡᠨ︶ ᠶᠢᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ | ᠠᠵᠢᠯ ᠤᠨ ᠲᠤᠬᠠᠢ ᠴᠢᠬᠤᠯᠠ ᠦᠬᠦᠯᠡᠮᠵᠢ ᠶᠢ ᠰᠤᠷᠤᠯᠴᠠᠨ ᠤᠢᠢᠯᠠᠭᠠᠬᠤ ᠲᠤᠭᠤᠷᠢᠨ ᠳᠤ ᠰᠤᠳᠤᠯᠤᠨ ᠶᠠᠷᠢᠯᠴᠠᠵᠠᠢ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠤᠨ | ᠱᠦᠵᠢ᠂ ᠲᠠᠷᠢᠬᠦᠯᠡᠭᠴᠢ ᠯᠢ ᠵᠢᠶᠠ ᠬᠤᠷᠠᠯ ᠳᠤ ᠤᠷᠤᠯᠴᠠᠬᠰᠠᠨ ᠪᠦᠭᠡᠳ ᠶᠠᠷᠢᠶᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠸᠠᠩ ᠵᠦᠩ ᠡᠾᠧ᠂ ᠯᠦᠸᠧ ᡁᠢ ᠬᠤ᠋᠂ ᠳ᠋ᠦᠩ ᠡᠾᠧᠩ ᠢᠥᠢ᠂ | ᠵᠧᠩ ᠹᠦ᠋ ᠲᠢᠶᠠᠨ᠂ ᠯᠢᠥ ᠰᠢᠨ ᠯᠧ᠂ ᠮᠠ ᠮᠢᠩ᠂ ᠴᠠᠩ ᠵᠢᠶᠦ᠋ᠨ ᠵᠧᠩ᠂ ᠴᠡᠴᠡᠭ ᠵᠢᠴᠢ ᠨᠠᠷᠢᠨ ᠪᠢᠴᠢᠭ ᠤᠨ ᠳᠠᠷᠤᠭᠠ ᠸᠧᠢ | ᠵᠢᠶᠦ᠋ᠨ ᠬᠤᠷᠠᠯ ᠳᠤ ᠤᠷᠤᠯᠴᠠᠵᠠᠢ᠃ 6 ᠨᠦᠬᠦᠷ ᠪᠤᠳᠤᠯ ᠰᠠᠨᠠᠯ ᠢᠶᠠᠨ ᠰᠤᠯᠢᠯᠴᠠᠬᠤ ᠦᠭᠡ ᠭᠡᠯᠡᠵᠠᠢ᠃ | ᠯᠢ ᠵᠢᠶᠠ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ | ᠦᠬᠦᠯᠡᠮᠵᠢ ᠶᠢᠨ ᠲᠤᠲᠤᠭᠠᠳᠦ ᠠᠭᠤᠯᠤᠬᠳᠠᠬᠤᠨ ᠡᠯᠪᠡᠭ ᠪᠠᠶᠠᠯᠢᠭ᠂ ᠦᠵᠡᠯ ᠰᠠᠨᠠᠭᠠ ᠬᠦᠨ ᠬᠦᠨᠵᠡᠬᠡᠢ ᠪᠠᠶᠢᠵᠦ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠲᠠ ᠰᠢᠪᠲᠤᠯᠬᠤ ᠶᠢ ᠠᠬᠢᠭᠤᠯᠬᠤ ᠶᠢᠨ ᠦᠨᠳᠦᠰᠦᠨ ᠵᠢᠷᠤᠮᠯᠠᠯ ᠪᠤᠯᠤᠨ ᠠᠵᠢᠯᠯᠠᠭᠠᠨ ᠤ ᠵᠦᠭᠯᠡᠬᠦᠷ | ᠪᠤᠯᠤᠨᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠦᠬᠦᠯᠡᠮᠵᠢ ᠶᠢ ᠰᠤᠷᠤᠯᠴᠠᠨ ᠲᠤᠭᠤᠰᠢᠯᠠᠭᠤᠯᠬᠤ ᠲᠠᠯᠠ ᠪᠠᠷ ᠦᠷᠬᠦᠯᠵᠢᠯᠡᠨ ᠬᠦᠴᠦᠯᠡᠵᠦ᠂ ᠲᠤᠰᠬᠠᠢ ᠰᠡᠳᠦᠪᠲᠦ | ᠰᠤᠷᠤᠯᠴᠠᠯᠭᠠ ᠰᠤᠳᠤᠯᠤᠨ ᠶᠠᠷᠢᠯᠴᠠᠭᠠ ᠪᠤᠯᠤᠨ ᠦᠪᠡᠰᠦᠪᠡᠨ ᠰᠤᠷᠤᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠦ᠂ | ᠤᠨᠤᠯ ᠤᠨ ᠰᠠᠭᠤᠷᠢ ᠪᠠᠨ ᠦᠨᠡᠨ ᠬᠦ ᠪᠠᠲᠤᠳᠬᠠᠵᠦ᠂ ᠴᠢᠭᠯᠡᠯ ᠢᠶᠠᠨ ᠵᠦᠪ ᠤᠨᠤᠪᠴᠢᠲᠠᠢ ᠡᠷᠢᠨ ᠭᠠᠷᠭᠠᠵᠦ᠂ ᠠᠵᠢᠯ ᠢᠶᠠᠨ | ᠪᠤᠲᠠᠲᠠᠶᠢᠵᠢᠭᠤᠯᠬᠤ ᠬᠡᠷᠡᠭᠲᠡᠢ᠃ ᠭᠡᠰᠢᠬᠦᠳ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ | ᠲᠠᠯᠠ ᠪᠠᠷ ᠲᠠᠰᠤᠷᠠᠯᠳᠠ ᠦᠬᠡᠢ ᠬᠦᠴᠤᠯᠠᠵᠤ᠂ ᠦᠷᠭᠡᠨ ᠤᠯᠠᠨ ᠬᠡᠰᠢᠬᠦᠨ ᠪᠤᠯᠤᠨ ᠡᠯᠡ ᠡᠲᠡᠭᠡᠳ ᠤᠨ ᠬᠦᠮᠦᠰ ᠤᠨ | ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠤᠮᠳᠠ ᠦᠷᠬᠦᠯᠵᠢᠯᠡᠨ ᠤᠷᠤᠯᠴᠠᠬᠤ ᠶᠢ ᠴᠢᠨᠠᠬᠰᠢᠲᠠ ᠲᠠᠶᠢᠴᠢᠯᠠᠵᠦ᠂ | ᠬᠡᠰᠢᠬᠦᠳ ᠪᠤᠯᠤᠨ ᠡᠯᠡ ᠡᠲᠡᠭᠡᠳ ᠤᠨ ᠬᠦᠮᠦᠰ ᠲᠤ ᠢᠳᠡᠪᠬᠢᠲᠡᠢ ᠪᠠᠷ ᠲᠡᠪᠴᠡᠩ ᠪᠠᠶᠢᠭᠤᠯᠤᠨ ᠦᠭᠴᠦ᠂ ᠶᠡᠷᠦᠩᠬᠡᠶᠢᠯᠡᠨ | ᠵᠤᠬᠢᠴᠠᠭᠤᠯᠬᠤ ᠦᠢᠯᠡᠴᠢᠯᠡᠭᠡ ᠶᠢ ᠰᠠᠶᠢᠲᠤᠷ ᠬᠢᠵᠦ᠂ ᠦᠨᠡᠨ ᠪᠤᠲᠠᠲᠠᠢ ᠦᠷᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ | ᠭᠡᠵᠦ ᠵᠢᠭᠠᠵᠦ ᠭᠠᠷᠭᠠᠵᠠᠢ᠃ | ᠯᠢ ᠵᠢᠶᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠪᠠ ᠦᠷᠭᠡᠨ ᠤᠯᠠᠨ ᠭᠡᠰᠢᠬᠦᠤᠨ ᠨᠠᠮ | ᠵᠠᠰᠠᠭ ᠤᠨ ᠶᠡᠭᠡ ᠲᠠᠯᠠ ᠶᠢᠨ ᠲᠤᠭᠤᠷᠢᠨ ᠳᠤ᠂ ᠤᠯᠠᠨ ᠲᠦᠮᠡᠨ ᠤ ᠬᠠᠯᠠᠮᠵᠢᠯᠠᠵᠤ ᠪᠠᠶᠢᠭᠠ ᠠᠰᠠᠭᠤᠳᠠᠯ ᠳᠤ ᠲᠦᠪᠯᠡᠷᠡᠬᠦᠯᠵᠤ᠂ | ᠰᠠᠨᠠᠯ ᠰᠠᠨᠠᠭᠤᠯᠭᠠ ᠭᠠᠷᠭᠠᠵᠤ ᠠᠷᠭᠠ ᠪᠤᠳᠤᠯᠭᠠ ᠲᠠᠪᠰᠢᠬᠦᠯᠬᠦ ᠲᠠᠯᠠ ᠪᠠᠷ ᠪᠤᠳᠠᠳᠤ ᠦᠷᠠ ᠪᠦᠳᠤᠮᠵᠢ ᠪᠠᠨ ᠴᠢᠨᠠᠭᠰᠢᠳᠠ | ᠲᠡᠭᠡᠭᠰᠢᠯᠡᠬᠦᠯᠬᠦ ᠭᠡᠷᠡᠭᠳᠡᠢ᠃ ᠭᠠᠷᠳᠠᠬᠤ ᠴᠢᠬ ᠢ ᠤᠨᠤᠪᠴᠢᠳᠠᠢ ᠰᠤᠩᠭᠤᠵᠤ᠂ ᠲᠦᠷᠦ ᠶᠢᠨ ᠶᠠᠪᠤᠳᠠᠯ ᠳᠤ ᠤᠷᠤᠯᠴᠠᠨ ᠵᠦᠪᠯᠡᠯᠭᠡ | ᠬᠢᠬᠦ ᠠᠵᠢᠯ ᠢ ᠰᠠᠶᠢᠳᠤᠷ ᠦᠷᠨᠢᠬᠦᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠡᠭᠡ ᠲᠠᠯᠠ ᠳᠤ | ᠦᠢᠯᠡᠴᠢᠯᠡᠬᠦ ᠲᠠᠯᠠ ᠪᠠᠷ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠭᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠲᠤᠮᠳᠠᠬᠢ ᠭᠤᠤᠯᠳᠠᠯᠭᠠ ᠲᠠᠢ ᠠᠰᠠᠭᠤᠳᠠᠯ ᠲᠦᠪᠡᠭᠳᠡᠢ ᠠᠰᠠᠭᠤᠳᠠᠯ ᠢ ᠴᠢᠩᠭᠠ ᠠᠵᠢᠵᠤ᠂ | ᠰᠠᠨᠠᠭᠠᠴᠢᠯᠠᠭᠠ ᠠᠴᠠ ᠪᠠᠨ ᠰᠡᠳᠬᠢᠵᠤ᠂ ᠬᠢᠨᠠᠮᠠᠭᠠᠢ ᠰᠤᠳᠤᠯᠵᠤ᠂ ᠡᠯᠠ ᠵᠦᠢᠯ ᠤᠨ ᠲᠦᠷᠦ ᠶᠢᠨ ᠶᠠᠪᠤᠳᠠᠯ ᠳᠤ ᠤᠷᠤᠯᠴᠠᠨ | ᠵᠦᠪᠯᠡᠯᠭᠡ ᠬᠢᠬᠦ ᠠᠵᠢᠯᠯᠠᠭᠠ ᠶᠢ ᠨᠠᠷᠢᠨ ᠨᠢᠮᠪᠠᠢ ᠲᠦᠰᠦᠭᠡᠯᠡᠵᠤ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠ᠂ | ᠵᠠᠰᠠᠭ ᠤᠨ ᠤᠷᠳᠤᠨ ᠳᠤ ᠠᠷᠭᠠ ᠤᠬᠠᠭᠠᠨ ᠭᠠᠷᠭᠠᠨ ᠦᠭᠴᠤ ᠬᠦᠴᠤᠨ ᠴᠢᠳᠠᠯ ᠢᠶᠠᠨ ᠦᠨᠡᠨ ᠬᠦ ᠨᠡᠮᠡᠷᠢᠯᠡᠬᠦ ᠭᠡᠷᠡᠭᠳᠡᠢ᠃ | ᠤᠨᠢᠨ ᠲᠡᠭᠡᠷᠠ ᠨᠢ ᠬᠠᠪᠰᠤᠷᠤᠨ ᠲᠠᠳᠬᠦᠬᠦ ᠲᠠᠯᠠ ᠪᠠᠷ ᠬᠦᠴᠤ ᠤᠷᠤᠭᠤᠯᠵᠤ᠂ ᠲᠤᠬᠠᠢ ᠶᠢᠨ ᠭᠠᠵᠠᠷ ᠲᠠᠢ ᠵᠤᠯᠭᠠᠭᠤᠯᠬᠤ | ᠠᠵᠢᠯ ᠢ ᠦᠷᠬᠦᠯᠵᠢᠯᠡᠨ ᠰᠠᠶᠢᠳᠤᠷ ᠬᠢᠵᠤ᠂ ᠤᠷᠤᠰᠢᠵᠤ ᠪᠠᠶᠢᠭᠠ ᠠᠰᠠᠭᠤᠳᠠᠯ ᠪᠠ ᠪᠤᠳᠠᠳᠠᠢ ᠭᠡᠷᠡᠭᠴᠡᠭᠡ ᠱᠠᠭᠠᠷᠳᠠᠯᠭᠠ ᠶᠢᠨ | ᠲᠤᠭᠤᠷᠢᠨ ᠳᠤ᠂ ᠬᠦᠨ ᠰᠡᠳᠬᠢᠵᠤ ᠠᠷᠭᠠ ᠤᠬᠠᠭᠠᠨ ᠭᠠᠷᠭᠠᠵᠤ᠂ ᠬᠠᠮᠢᠶᠠ ᠪᠦᠬᠦᠢ ᠰᠠᠯᠠᠭᠠ ᠮᠦᠴᠢᠷ ᠲᠠᠢ ᠢᠳᠡᠪᠬᠢᠳᠠᠢ | ᠬᠠᠮᠵᠢᠯᠴᠠᠵᠤ᠂ ᠲᠦᠷᠦ ᠶᠢᠨ ᠪᠤᠳᠤᠯᠭᠠ ᠶᠢ ᠨᠠᠶᠢᠳᠠᠪᠤᠷᠢᠵᠢᠭᠤᠯᠤᠨ᠂ ᠲᠦᠷᠦᠯ ᠵᠦᠢᠯ ᠤᠨ ᠪᠠᠯᠠ ᠮᠦᠡᠭᠬᠦ ᠶᠢ ᠲᠤᠬᠢᠷᠠᠭᠤᠯᠵᠤ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠡᠭᠡ ᠲᠠᠯᠠ ᠳᠤ ᠬᠦᠴᠤᠨ ᠨᠠᠮᠠᠷᠢᠯᠠᠬᠦ ᠲᠠᠯᠠ ᠪᠠᠷ ᠤᠯᠤᠰ ᠲᠦᠷᠦ ᠶᠢᠨ | ᠵᠦᠪᠯᠡᠯᠭᠡᠨ ᠤ ᠦᠢᠯᠡᠳᠤᠯ ᠢᠶᠠᠨ ᠦᠨᠡᠨ ᠬᠦ ᠪᠠᠳᠠᠷᠠᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃ | ᠲᠤᠰ ᠡᠳᠤᠷ ᠤᠨ ᠦᠳᠡ ᠶᠢᠨ ᠡᠮᠤᠨᠠ᠂ ᠦᠪᠡᠷᠳᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠ ᠪᠠᠰᠠ 13 ᠳ᠋ᠤᠭᠠᠷ ᠤᠳᠠᠭᠠ ᠶᠢᠨ ᠲᠠᠷᠢᠬᠦᠯᠡᠭᠴᠢᠳ ᠤᠨ ᠬᠤᠷᠠᠯ ᠢ | ᠬᠤᠷᠠᠯᠳᠤᠭᠤᠯᠵᠤ᠂ ᠦᠪᠡᠷᠳᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠤ ᠠᠬᠤᠢ ᠶᠢᠨ ᠵᠦᠪᠯᠡᠯ ᠤᠨ | ︽ᠵᠠᠰᠠᠭ ᠤᠨ ᠤᠷᠳᠤᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠲᠤᠬᠠᠢ ᠪᠠᠶᠢᠴᠠᠭᠠᠨ | ᠰᠤᠳᠤᠯᠤᠯᠳᠠ ᠶᠢᠨ ᠮᠡᠳᠡᠬᠦᠯᠤᠯᠳᠠ︾ ᠶᠢ ᠬᠢᠨᠡᠨ ᠵᠦᠪᠯᠡᠨ ᠪᠠᠳᠤᠯᠠᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠤᠶᠤᠨ ᠤ ᠬᠦᠮᠦᠷᠭᠡ ᠶᠢᠨ ᠪᠠᠶᠢᠭᠤᠯᠤᠯᠳᠠ ᠶᠢᠨ ᠠᠵᠢᠯ ᠢ ᠰᠤᠳᠤᠯᠵᠠᠢ᠃ | |