︽ᠦᠬᠡᠷᠡᠴᠢᠯᠡᠯᠳᠡ ᠠᠴᠠ ᠬᠦᠳᠡᠯᠬᠡᠬᠦ ᠬᠦᠴᠦᠨ ᠤᠯᠬᠤ ᠶᠢ ᠪᠠᠷᠢᠮᠳᠠᠯᠠᠨᠠ︾᠂ ︽ᠠᠵᠥ ᠠᠬᠤᠢ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠬᠡᠳᠬᠡᠨᠡ︾᠂ ︽ᠪᠦᠬᠦ ᠲᠡᠯᠡ ᠶᠢᠨ ᠭᠠᠳᠠᠭᠠᠳᠤ ᠨᠡᠬᠡᠬᠡᠯᠳᠡ ᠶᠢ ᠠᠬᠢᠭᠤᠯᠤᠨᠠ︾ | ᠁ ᠤᠷᠴᠢᠮᠬᠠᠨ ᠲᠡᠬᠦᠰᠦᠭᠰᠡᠡ ᠲᠦᠪ ᠤᠨ ᠠᠵᠥ ᠠᠬᠤᠢ ᠶᠢᠨ ᠠᠵᠢᠯ ᠤᠨ ᠬᠤᠷᠡᠯ ᠠᠴᠠ᠂ ᠢᠷᠡᠬᠦ ᠵᠢᠯ ᠤᠨ ᠠᠵᠥ | ᠠᠬᠤᠢ ᠶᠢᠨ ᠠᠵᠢᠯ ᠤᠨ ᠲᠤᠬᠠᠢ ᠠᠯᠢ ᠤᠯᠠᠨ ᠴᠢᠬᠤᠯᠠ ᠪᠠᠶᠢᠷᠢᠯᠠᠭᠤᠯᠤᠯᠳᠡ ᠲᠤᠬᠢᠷᠠᠭᠤᠯᠤᠯᠳᠡ ᠬᠢᠪᠠ᠂ ᠡᠬᠦᠨ ᠳᠤ ᠢᠯᠡ | ᠲᠤᠳᠤ ᠭᠤᠤᠯ ᠰᠢᠵᠢᠮ ᠲᠤᠭᠤᠰᠢᠯᠠᠭᠲᠠᠵᠤ ᠪᠠᠶᠢᠨᠠ᠄ ᠦᠬᠡᠷᠡᠴᠢᠯᠡᠯᠳᠡ ᠶᠢ ᠭᠤᠶᠢᠪᠢᠰᠢ ᠦᠬᠡᠢ ᠭᠦᠨᠵᠡᠬᠡᠶᠢᠷᠡᠬᠦᠯᠵᠥ᠂ | ᠨᠡᠬᠡᠬᠡᠯᠳᠡ ᠶᠢ ᠦᠷᠬᠡᠳᠬᠡᠨᠡ᠃ ᠡᠨᠡ ᠪᠤᠯ ᠪᠢᠳᠡᠨ ᠤ ᠠᠵᠥ ᠠᠬᠤᠢ ᠶᠢᠨ ᠠᠵᠢᠯ ᠢ ᠰᠠᠶᠢᠳᠤᠷ ᠬᠢᠵᠥ᠂ ᠬᠦᠭᠵᠢᠯᠳᠡ ᠶᠢᠨ ᠰᠢᠨᠡ | ᠲᠦᠷᠰᠦ ᠪᠠᠶᠢᠳᠠᠯ ᠢ ᠲᠠᠰᠤᠷᠠᠯᠳᠡ ᠦᠭᠡᠢ ᠨᠡᠬᠡᠬᠡᠨ ᠡᠬᠦᠳᠬᠦ ᠶᠢᠨ ᠦᠨᠳᠦᠰᠦ ᠪᠤᠯᠤᠨᠠ᠃ | ᠤᠳᠤᠬᠠᠨ ᠳᠤ᠂ ᠮᠠᠨ ᠤ ᠤᠯᠤᠰ ᠤᠨ ᠠᠵᠤ ᠠᠬᠤᠢ ᠶᠢᠨ ᠡᠷᠬᠢᠯᠳᠠ ᠲᠤᠭᠳᠠᠭᠤᠨ ᠤ ᠲᠤᠮᠳᠠ ᠤᠷᠤᠬᠰᠢᠯᠠᠨ | ᠲᠠᠪᠰᠢᠬᠤ ᠶᠢᠨ ᠬᠠᠮᠳᠤ ᠲᠤᠭᠳᠠᠭᠤᠨ ᠤ ᠲᠤᠮᠳᠠ ᠬᠤᠪᠢᠷᠠᠯᠳᠠ ᠲᠠᠢ᠂ ᠬᠤᠪᠢᠷᠠᠯᠳᠠ ᠶᠢᠨ ᠲᠤᠮᠳᠠ ᠲᠦᠪᠡᠭ ᠲᠠᠢ ᠪᠠᠶᠢᠵᠥ᠂ | ᠭᠠᠳᠠᠭᠠᠳᠤ ᠤᠷᠴᠢᠨ ᠲᠤᠭᠤᠷᠢᠨ ᠪᠤᠳᠤᠯᠢᠶᠠᠨᠳᠠᠢ ᠬᠦᠨᠳᠤ ᠬᠡᠴᠡᠬᠦᠤ᠂ ᠠᠵᠤ ᠠᠬᠤᠢ ᠳᠤ ᠤᠷᠤᠭᠤᠳᠠᠬᠤ ᠲᠠᠷᠤᠭᠠᠰᠤ ᠲᠤᠯᠭᠠᠷᠠᠵᠤ | ᠪᠠᠶᠢᠨᠠ᠃ ᠡᠳᠡᠬᠡᠷ ᠠᠰᠠᠭᠤᠳᠠᠯ ᠳᠤ ᠤᠬᠤᠷ ᠬᠤᠭᠤᠴᠠᠭᠠᠨ ᠤ ᠬᠢ ᠪᠠᠶᠢᠬᠤ ᠪᠦᠭᠡᠳ ᠤᠷᠳᠤ ᠬᠤᠭᠤᠴᠠᠭᠠᠨ ᠤ ᠬᠢ ᠴᠤ ᠪᠤᠢ᠂ | ᠦᠶᠡᠯᠡᠯ ᠤᠨ ᠴᠢᠨᠠᠷᠳᠠᠢ ᠪᠠᠶᠢᠬᠤ ᠮᠦᠷᠳᠡᠬᠡᠨ ᠪᠦᠳᠤᠴᠠ ᠶᠢᠨ ᠴᠢᠨᠠᠷᠳᠠᠢ ᠴᠤ ᠪᠤᠢ᠂ ᠪᠦᠷ ᠤᠷᠤᠬᠰᠢᠯᠠᠯᠳᠠ ᠶᠢᠨ ᠲᠤᠮᠳᠠᠬᠢ | ᠠᠰᠠᠭᠤᠳᠠᠯ ᠪᠤᠯᠤᠨᠠ᠃ ᠬᠦᠭᠵᠢᠯᠳᠠ ᠶᠢᠨ ᠶᠠᠪᠤᠴᠠ ᠳᠠᠬᠢ ᠠᠰᠠᠭᠤᠳᠠᠯ ᠢ ᠬᠦᠭᠵᠢᠯᠳᠠ ᠪᠠᠷ ᠰᠢᠢᠳᠪᠤᠷᠢᠯᠠᠵᠤ᠂ | ᠤᠷᠤᠬᠰᠢᠯᠠᠯᠳᠠ ᠶᠢᠨ ᠲᠤᠮᠳᠠᠬᠢ ᠠᠰᠠᠭᠤᠳᠠᠯ ᠢ ᠴᠤ ᠦᠬᠡᠷᠡᠴᠢᠯᠠᠯᠳᠠ ᠪᠠᠷ ᠰᠢᠢᠳᠪᠤᠷᠢᠯᠡᠬᠦ ᠭᠡᠷᠡᠭᠳᠠᠢ᠃ ᠨᠠᠷᠢᠨ ᠪᠤᠳᠤᠯᠢᠶᠠᠨᠳᠠᠢ | ᠠᠰᠠᠭᠤᠳᠠᠯ ᠵᠦᠷᠢᠴᠡᠯ ᠤᠨ ᠡᠮᠦᠨᠡ᠂ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠨᠡᠬᠡᠬᠡᠯᠳᠠ ᠶᠢ ᠦᠷᠬᠡᠳᠬᠡᠪᠠᠯ ᠰᠠᠶ᠋ᠢ ᠠᠶᠤᠯ | ᠲᠦᠭᠰᠢᠬᠦᠷᠢ ᠶᠢ ᠠᠵᠠ ᠲᠤᠬᠢᠶᠠᠯ ᠪᠤᠯᠭᠠᠵᠤ᠂ ᠠᠶᠤᠯ ᠲᠦᠭᠰᠢᠬᠦᠷᠢ ᠶᠢ ᠠᠮᠤᠷ ᠲᠦᠪᠰᠢᠨ ᠪᠤᠯᠭᠠᠵᠤ᠂ ᠰᠠᠨᠠᠭᠠᠴᠢᠯᠠᠭᠠᠳᠤ | ᠡᠷᠬᠡ ᠶᠢ ᠤᠯᠵᠥ᠂ ᠰᠢᠨᠠ ᠶᠢ ᠡᠬᠦᠳᠬᠦ ᠲᠠᠪᠠᠭᠤᠯᠢᠬ ᠢ ᠨᠡᠮᠡᠭᠳᠡᠬᠦᠯᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ | ᠴᠢᠳᠠᠨᠠ᠃ | ᠦᠬᠡᠷᠡᠴᠢᠯᠠᠯᠳᠠ ᠨᠡᠬᠡᠬᠡᠯᠳᠠ ᠶᠢ ᠠᠬᠢᠭᠤᠯᠵᠤ᠂ ᠬᠦᠭᠵᠢᠯᠳᠠ ᠶᠢᠨ ᠬᠦᠴᠢᠷ ᠠᠰᠠᠭᠤᠳᠠᠯ ᠢ ᠰᠢᠢᠳᠪᠤᠷᠢᠯᠠᠬᠦ ᠳᠤ ᠭᠤᠤᠯ | ᠵᠦᠷᠢᠴᠡᠯ ᠢ ᠠᠳᠬᠤᠵᠤ᠂ ᠰᠢᠪᠳᠤᠯᠤᠯᠳᠠ ᠶᠢᠨ ᠴᠡᠭ ᠪᠤᠯᠤᠨ ᠲᠤᠰᠤᠯᠳᠠ ᠶᠢ ᠡᠷᠢᠨ ᠤᠯᠬᠤ ᠭᠡᠷᠡᠭᠳᠠᠢ᠃ ᠤᠳᠤᠬᠠᠨ ᠳᠤ᠂ | ᠮᠠᠨ ᠤ ᠤᠯᠤᠰ ᠤᠨ ᠠᠵᠤ ᠠᠬᠤᠢ ᠶᠢᠨ ᠡᠷᠬᠢᠯᠳᠠ ᠶᠢᠨ ᠭᠤᠤᠯ ᠵᠦᠷᠢᠴᠡᠯ ᠪᠤᠯ ᠮᠦᠨ ᠯᠠ ᠬᠠᠩᠭᠠᠯᠭᠠ ᠶᠢᠨ ᠲᠠᠯᠠ ᠶᠢᠨ | ᠪᠦᠳᠤᠴᠠ ᠶᠢᠨ ᠴᠢᠨᠠᠷᠳᠠᠢ ᠠᠰᠠᠭᠤᠳᠠᠯ ᠪᠤᠯᠤᠨᠠ᠂ ᠬᠠᠩᠭᠠᠯᠭᠠ ᠶᠢᠨ ᠰᠢᠰᠲ᠋ᠧᠮ ᠨᠢ ᠭᠡᠷᠡᠭᠴᠡᠭᠡ ᠶᠢᠨ ᠪᠦᠳᠤᠴᠠ ᠶᠢᠨ | ᠬᠤᠪᠢᠷᠠᠯᠳᠠ ᠳᠤ ᠵᠤᠬᠢᠴᠠᠬᠤ ᠦᠬᠡᠢ ᠠᠴᠠ ᠪᠤᠯᠵᠤ ᠠᠵᠤ ᠠᠬᠤᠢ ᠶᠢᠨ ᠡᠷᠭᠢᠯᠲᠡ ᠶᠢᠨ ᠰᠢᠯᠤᠭᠤᠨ ᠪᠤᠰᠤ ᠪᠠᠶᠢᠳᠠᠯ ᠢ | ᠡᠬᠦᠰᠬᠡᠪᠡ᠃ ᠡᠨᠡ ᠨᠢ ᠲᠠᠷᠤᠢ ᠪᠢᠳᠡᠨ ᠢ ᠡᠷᠬᠡᠪᠰᠢ ᠬᠠᠩᠭᠠᠯᠭᠠ ᠶᠢᠨ ᠲᠠᠯᠠ᠂ ᠪᠦᠳᠤᠴᠠ ᠶᠢᠨ ᠴᠢᠨᠠᠷ ᠤᠨ ᠦᠬᠡᠷᠡᠴᠢᠯᠠᠯᠳᠠ ᠶᠢᠨ | ᠲᠠᠯᠠ ᠠᠴᠠ ᠠᠷᠭᠠ ᠬᠡᠮᠵᠢᠶᠠ ᠪᠤᠳᠤᠯᠬᠢᠯᠠᠬᠤ ᠶᠢ ᠱᠠᠭᠠᠷᠳᠠᠵᠤ᠂ ᠭᠤᠤᠯ ᠰᠢᠪᠳᠤᠯᠬᠤ ᠴᠢᠭᠯᠡᠯ ᠪᠤᠯ ᠬᠠᠩᠭᠠᠯᠭᠠ ᠶᠢᠨ ᠲᠠᠯᠠ ᠶᠢᠨ | ᠶᠠᠰᠤ ᠴᠢᠨᠠᠷ ᠢ ᠲᠡᠭᠡᠭᠰᠢᠯᠡᠬᠦᠯᠵᠤ᠂ ᠦᠨᠳᠤᠰᠤᠨ ᠠᠷᠭᠠ ᠵᠠᠮ ᠪᠤᠯ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠳᠤ ᠪᠤᠢ᠃ ᠡᠷᠬᠡᠪᠰᠢ | ᠨᠡᠩ ᠤᠯᠠᠨ ᠵᠠᠬᠠ ᠲᠡᠯᠬᠡᠬᠦᠷᠴᠢᠯᠡᠭᠰᠡᠡ᠂ ᠬᠠᠤᠯᠢᠵᠢᠯ ᠤᠨ ᠠᠷᠭᠠ ᠪᠠᠷᠢᠯ ᠢ ᠬᠡᠷᠡᠭᠯᠠᠵᠤ᠂ ︽ᠪᠠᠬᠢᠵᠢᠬᠦᠯᠬᠦ᠂ ᠴᠢᠩᠭᠠᠷᠠᠭᠤᠯᠬᠤ᠂ | ᠲᠡᠭᠡᠭᠰᠢᠯᠡᠬᠦᠯᠬᠦ᠂ ᠰᠢᠯᠤᠭᠤᠳᠬᠠᠬᠤ︾ ᠲᠡᠭᠡᠷᠡ ᠬᠦᠴᠤ ᠤᠷᠤᠭᠤᠯᠬᠤ ᠭᠡᠷᠡᠭᠳᠠᠢ᠃ ᠡᠨᠡ ᠬᠦ ᠴᠢᠭᠯᠡᠯᠳᠠ ᠪᠤᠯ ᠤᠳᠤᠬᠠᠨ ᠤ ᠪᠠ | ᠬᠤᠶᠢᠰᠢᠳᠠ ᠶᠢᠨ ᠨᠢᠬᠡ ᠬᠤᠭᠤᠴᠠᠭᠠᠨ ᠤ ᠬᠠᠩᠭᠠᠯᠭᠠ ᠶᠢᠨ ᠲᠠᠯᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢ | ᠬᠦᠨᠵᠡᠬᠡᠶᠢᠷᠡᠬᠦᠯᠬᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠠᠷᠤᠩᠬᠡᠢ ᠱᠠᠭᠠᠷᠳᠠᠯᠭᠠ ᠪᠤᠯᠤᠨᠠ᠃ | ︽ᠭᠤᠷᠪᠠ ᠶᠢ ᠪᠠᠭᠠᠰᠬᠠᠵᠤ ᠨᠢᠬᠡ ᠶᠢ ᠪᠠᠭᠤᠷᠠᠭᠤᠯᠵᠤ ᠨᠢᠬᠡ ᠶᠢ ᠨᠦᠬᠦᠪᠤᠷᠢᠯᠡᠬᠦ︾ ᠠᠮᠵᠢᠯᠳᠠ ᠪᠦᠳᠤᠮᠵᠢ ᠶᠢ ᠪᠠᠳᠤᠳᠬᠠᠵᠤ᠂ | ᠬᠤᠮᠠᠬᠢ ᠭᠤᠤᠯ ᠴᠤᠬᠴᠠ ᠶᠢᠨ ᠠᠮᠢᠵᠢᠷᠠᠯ ᠤᠨ ᠬᠦᠴᠤᠨ ᠢ ᠴᠢᠩᠭᠠᠷᠠᠭᠤᠯᠵᠤ᠂ ᠠᠵᠤ ᠤᠢᠢᠯᠡᠰ ᠤᠨ ᠬᠡᠯᠬᠢᠶᠠᠨ ᠤ ᠲᠦᠪᠰᠢᠨ ᠢ | ᠲᠡᠭᠡᠭᠰᠢᠯᠡᠬᠦᠯᠵᠤ᠂ ᠤᠯᠤᠰ ᠠᠷᠠᠳ ᠤᠨ ᠠᠵᠤ ᠠᠬᠤᠢ ᠶᠢᠨ ᠡᠷᠬᠢᠯᠲᠡ ᠶᠢ ᠰᠢᠯᠤᠭᠤᠳᠬᠠᠵᠤ᠂ ᠤᠯᠤᠰ ᠤᠨ ᠳᠤᠳᠤᠭᠠᠳᠤ ᠶᠢᠨ | ᠵᠠᠬᠠ ᠲᠡᠯᠬᠡᠬᠦᠷ ᠪᠤᠯᠤᠨ ᠤᠢᠢᠯᠡᠳᠪᠤᠷᠢᠯᠠᠯ ᠤᠨ ᠭᠤᠤᠯ ᠴᠤᠬᠴᠠ᠂ ᠠᠵᠤ ᠠᠬᠤᠢ ᠶᠢᠨ ᠨᠡᠮᠡᠭᠳᠡᠯ ᠪᠤᠯᠤᠨ ᠠᠵᠢᠯ ᠤᠯᠭᠤᠯᠳᠠ ᠶᠢ | ᠦᠷᠭᠡᠳᠭᠡᠬᠦ᠂ ᠮᠦᠩᠬᠦᠨ ᠬᠦᠢᠯᠬᠡᠬᠡ ᠪᠤᠯᠤᠨ ᠪᠤᠳᠠᠳᠤ ᠴᠤᠭᠴᠠ ᠶᠢᠨ ᠠᠵᠤ ᠠᠬᠤᠢ ᠶᠢᠨ ᠰᠠᠶᠢᠨ ᠤᠷᠴᠢᠯ ᠢ ᠪᠦᠷᠢᠯᠳᠤᠬᠦᠯᠬᠦ | ᠭᠡᠷᠡᠭᠳᠠᠢ᠃ ᠦᠬᠡᠷᠡᠴᠢᠯᠠᠯᠳᠠ ᠪᠠᠷ ᠬᠦᠳᠡᠯᠬᠡᠬᠦ ᠬᠦᠴᠤᠨ ᠢ ᠠᠬᠢᠭᠤᠯᠬᠤ ᠶᠢ ᠪᠠᠷᠢᠮᠳᠠᠯᠠᠵᠤ᠂ ᠪᠠᠶᠢᠭᠤᠯᠤᠮᠵᠢ ᠲᠤᠬᠳᠠᠴᠠ ᠶᠢᠨ | ᠬᠠᠷᠰᠢ ᠰᠠᠭᠠᠳ ᠢ ᠲᠠᠰᠤᠷᠠᠯᠳᠠ ᠦᠬᠡᠢ ᠠᠷᠢᠯᠭᠠᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠳᠤ ᠬᠦᠳᠡᠯᠬᠡᠬᠦ ᠬᠦᠴᠤᠨ | ᠬᠠᠩᠭᠠᠬᠤ ᠭᠡᠷᠡᠭᠳᠠᠢ᠃ | ᠦᠭᠡᠷᠡᠴᠢᠯᠡᠯᠳᠠ ᠨᠡᠭᠡᠭᠡᠯᠳᠠ ᠶᠢ ᠠᠬᠢᠭᠤᠯᠵᠤ᠂ ᠬᠦᠭᠵᠢᠯᠳᠠ ᠶᠢᠨ ᠬᠦᠴᠢᠷ ᠠᠰᠠᠭᠤᠲᠠᠯ ᠢ ᠰᠢᠢᠳᠪᠤᠷᠢᠯᠡᠬᠦ ᠳᠤ | ᠡᠷᠬᠡᠪᠰᠢ ᠨᠡᠩ ᠶᠡᠭᠡ ᠬᠦᠴᠦ ᠤᠷᠤᠭᠤᠯᠤᠨ ᠨᠠᠶᠢᠳᠠᠪᠤᠷᠢᠵᠢᠭᠤᠯᠤᠯᠳᠠ ᠶᠢ ᠠᠳᠬᠤᠵᠤ᠂ ᠪᠤᠳᠠᠳᠤ ᠦᠷᠡ ᠪᠦᠳᠦᠮᠵᠢ ᠤᠯᠬᠤ ᠶᠢ | ᠡᠷᠬᠢᠮᠯᠡᠬᠦ ᠭᠡᠷᠡᠭᠲᠠᠢ᠃ ᠨᠢᠷᠤᠭᠤ ᠲᠤᠯᠭᠠᠭᠤᠷᠢ ᠶᠢᠨ ᠰᠢᠨᠵᠢ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠬᠤᠯᠪᠤᠬᠳᠠᠯ | ᠪᠦᠬᠦᠢ ᠦᠭᠡᠷᠡᠴᠢᠯᠡᠯᠳᠠ ᠶᠢᠨ ᠬᠦᠨᠵᠡᠭᠡᠶᠢᠷᠠᠨ ᠪᠤᠳᠠᠳᠠᠶᠢᠵᠢᠬᠤ ᠶᠢ ᠠᠬᠢᠭᠤᠯᠬᠤ ᠬᠡᠷᠡᠭᠳᠡᠢ᠃ ᠡᠳ᠋ ᠤᠨ ᠵᠠᠰᠠᠭ ᠭᠠᠶᠢᠯᠢ ᠮᠦᠡᠭᠭᠦᠨ | ᠬᠦᠢᠯᠭᠡᠭᠡ᠂ ᠤᠯᠤᠰ ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠤ ᠠᠬᠤᠢᠢᠯᠡᠯ ᠵᠡᠷᠭᠡ ᠴᠢᠬᠤᠯᠠ ᠬᠦᠷᠢᠶᠠᠨ ᠤ | ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠠᠷᠠᠳ ᠤᠨ ᠡᠵᠡᠩᠨᠡᠯᠳᠠ ᠶᠢᠨ ᠠᠵᠤ ᠠᠬᠤᠢᠢᠯᠡᠯ ᠤᠨ ᠬᠦᠭᠵᠢᠯᠳᠠ ᠶᠢᠨ ᠬᠠᠷᠰᠢ | ᠰᠠᠭᠠᠳ ᠢ ᠠᠷᠢᠯᠭᠠᠵᠤ᠂ ᠬᠠᠤᠯᠢᠵᠢᠬᠰᠡᠨ ᠲᠦᠷᠢᠮ ᠤᠨ ᠤᠷᠴᠢᠨ ᠢ ᠪᠤᠢ ᠪᠤᠯᠭᠠᠵᠤ᠂ ᠠᠷᠠᠳ ᠤᠨ ᠡᠵᠡᠩᠨᠡᠯᠳᠠ ᠶᠢᠨ ᠠᠵᠤ | ᠠᠬᠤᠢᠢᠯᠡᠯᠳᠠᠨ ᠤ ᠪᠡᠶᠡ ᠶᠢᠨ ᠠᠮᠤᠷ ᠲᠦᠪᠰᠢᠨ ᠪᠤᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠡᠯᠡ | ᠲᠦᠷᠦᠯ ᠤᠨ ᠵᠠᠬᠠ ᠲᠡᠯᠭᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠤ᠂ ᠬᠦᠭᠵᠢᠯᠳᠠ ᠶᠢᠨ | ᠲᠤᠳᠤᠭᠠᠳᠤ ᠬᠦᠳᠡᠯᠭᠡᠬᠦ ᠬᠦᠴᠦᠨ ᠢ ᠦᠨᠡᠨ ᠬᠦ ᠴᠢᠩᠭᠠᠷᠠᠭᠤᠯᠬᠤ ᠭᠡᠷᠡᠭᠲᠠᠢ᠃ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ ᠪᠠᠷ | ᠲᠠᠮᠵᠢᠨ ᠵᠢᠷᠤᠮᠵᠢᠬᠰᠡᠨ᠂ ᠢᠯᠡ ᠲᠤᠳᠤᠷᠬᠠᠢ᠂ ᠨᠡᠭᠡᠭᠡᠯᠳᠠ ᠲᠠᠢ᠂ ᠠᠮᠢᠵᠢᠷᠠᠯ ᠤᠨ ᠬᠦᠴᠦᠨ ᠲᠠᠢ᠂ ᠤᠶᠠᠨ ᠬᠠᠳᠠᠨ ᠴᠢᠨᠠᠷ ᠲᠠᠢ | ᠬᠦᠷᠦᠩᠭᠡ ᠶᠢᠨ ᠵᠠᠬᠠ ᠲᠡᠯᠭᠡᠬᠦᠷ ᠢ ᠡᠬᠦᠳᠤᠨ ᠪᠠᠶᠢᠭᠤᠯᠬᠤ ᠭᠡᠷᠡᠭᠲᠠᠢ᠃ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠦᠨᠡᠨ | ᠬᠦ ᠬᠤᠪᠢᠷᠠᠭᠤᠯᠵᠤ᠂ ᠶᠠᠪᠤᠳᠠᠯ ᠤᠨ ᠲᠤᠮᠳᠠ ᠶᠠᠪᠤᠳᠠᠯ ᠤᠨ ᠲᠠᠷᠠᠭᠠᠬᠢ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠵᠠᠬᠠ | ᠲᠡᠯᠬᠡᠬᠦᠷ ᠦᠪᠡᠷᠳᠡᠭᠡᠨ ᠪᠠᠶᠡ ᠪᠠᠨ ᠲᠠᠭᠠᠭᠠᠵᠤ ᠲᠤᠬᠢᠷᠠᠭᠤᠯᠵᠤ ᠴᠢᠳᠠᠬᠤ ᠶᠢ ᠨᠢ ᠵᠠᠬᠠ ᠲᠡᠯᠭᠡᠬᠦᠷ ᠢᠶᠠᠷ ᠲᠤᠬᠢᠷᠠᠭᠤᠯᠵᠤ᠂ ᠠᠵᠤ | ᠠᠬᠤᠢᠢᠯᠡᠯ ᠬᠢᠵᠤ ᠴᠢᠳᠠᠬᠤ ᠶᠢ ᠨᠢ ᠠᠵᠤ ᠠᠬᠤᠢᠢᠯᠡᠯ ᠢᠶᠠᠷ ᠬᠢᠯᠭᠡᠵᠤ᠂ ᠵᠠᠰᠠᠭ ᠤᠨ ᠤᠷᠳᠤᠨ ᠪᠤᠯᠤᠨ ᠵᠠᠬᠠ ᠲᠡᠯᠬᠡᠬᠦᠷ ᠤᠨ | ᠬᠠᠷᠢᠴᠠᠭᠠ ᠶᠢ ᠨᠡᠩ ᠰᠠᠶᠢᠨ ᠰᠢᠯᠦᠭᠤᠳᠬᠠᠬᠤ ᠭᠡᠷᠡᠭᠲᠠᠢ᠃ | ᠨᠡᠭᠡᠭᠡᠯᠳᠠ ᠬᠢᠪᠡᠯ ᠲᠠᠪᠰᠢᠯᠳᠠ ᠶᠢ ᠠᠪᠴᠢᠷᠠᠵᠤ᠂ ᠡᠬᠦᠳᠠ ᠪᠠᠨ ᠲᠦᠭᠵᠢᠪᠡᠯ ᠵᠠᠶᠢᠯᠠᠰᠢ ᠦᠭᠡᠢ ᠬᠤᠴᠤᠷᠤᠨᠡ᠃ | ᠰᠢᠨᠡ ᠪᠠᠶᠢᠳᠠᠯ ᠳᠤ ᠵᠤᠬᠢᠴᠠᠵᠤ᠂ ᠰᠢᠨᠡ ᠤᠨᠴᠠᠯᠢᠭ ᠢ ᠡᠵᠡᠮᠳᠡᠵᠤ᠂ ᠲᠠᠸᠠᠷ ᠪᠤᠯᠤᠨ ᠡᠯᠧᠮᠧᠨ᠋ᠲ ᠤᠨ ᠰᠢᠯᠵᠢᠬᠦ ᠮᠠᠶ᠋ᠢᠭ ᠤᠨ | ᠨᠡᠭᠡᠭᠡᠯᠳᠠ ᠠᠴᠠ ᠵᠢᠷᠤᠮ ᠭᠤᠷᠢᠮ ᠵᠡᠷᠭᠡ ᠲᠦᠷᠢᠮ ᠤᠨ ᠮᠠᠶ᠋ᠢᠭ ᠤᠨ ᠨᠡᠭᠡᠭᠡᠯᠳᠠ ᠲᠠᠶᠢᠰᠢ ᠬᠤᠪᠢᠷᠠᠬᠤ ᠶᠢ ᠠᠬᠢᠭᠤᠯᠬᠤ ᠪᠤᠯ | ᠰᠢᠨᠡ ᠴᠠᠭ ᠦᠶᠡ ᠠᠴᠠ ᠮᠠᠨ ᠤ ᠤᠯᠤᠰ ᠤᠨ ᠭᠠᠳᠠᠭᠠᠳᠤ ᠨᠡᠭᠡᠭᠡᠯᠳᠠ ᠳᠤ ᠲᠤᠯᠭᠠᠷᠠᠭᠤᠯᠤᠭᠰᠠᠠ ᠰᠢᠨᠡ ᠰᠡᠳᠦᠪ ᠪᠤᠯᠤᠨᠡ᠃ | ᠵᠠᠬᠠ ᠲᠡᠯᠬᠡᠬᠦᠷ ᠲᠤ ᠤᠷᠤᠬᠤ ᠵᠦᠪᠰᠢᠶᠡᠷᠡᠯ ᠢ ᠠᠭᠤᠵᠢᠭᠤ ᠲᠠᠯᠪᠢᠵᠤ᠂ ᠤᠷᠤᠬᠤ ᠶᠢ ᠵᠦᠪᠰᠢᠶᠡᠷᠡᠬᠦ ᠠᠴᠠ ᠡᠮᠤᠨᠡᠬᠢ ᠤᠯᠤᠰ | ᠠᠷᠠᠳ ᠤᠨ ᠬᠠᠷᠠᠭᠠᠯᠵᠠᠯ ᠲᠡᠭᠡᠷᠡ ᠨᠠᠵᠠᠭᠠᠢ ᠲᠠᠯᠡ ᠶᠢᠨ ᠨᠠᠷᠢᠨ ᠲᠠᠩᠰᠠ ᠨᠡᠮᠡᠬᠦ ᠲᠦᠷᠢᠮ ᠢ ᠪᠦᠬᠦ ᠲᠠᠯᠡ ᠪᠠᠷ ᠭᠡᠷᠡᠭᠵᠢᠬᠦᠯᠵᠤ᠂ | ᠭᠠᠳᠠᠭᠠᠳᠤ ᠶᠢᠨ ᠬᠤᠳᠠᠯᠳᠤᠭᠠᠴᠢᠨ ᠤ ᠲᠤᠮᠳᠠᠳᠤ ᠤᠯᠤᠰ ᠲᠠᠬᠢ ᠬᠠᠤᠯᠢ ᠶᠤᠰᠤᠨ ᠤ ᠡᠷᠭᠡ ᠠᠰᠢᠭ ᠤᠨᠴᠠᠭᠠᠢᠢᠯᠡᠨ ᠮᠡᠳᠡᠯᠭᠡ ᠶᠢᠨ | ᠦᠮᠴᠢᠯᠡᠯ ᠤᠨ ᠡᠷᠭᠡ ᠶᠢ ᠬᠠᠮᠠᠭᠠᠯᠠᠵᠤ᠂ ᠨᠡᠩ ᠤᠯᠠᠨ ᠬᠦᠷᠢᠶᠠᠨ ᠳᠤ ᠭᠠᠭᠴᠠ ᠪᠠᠯᠡᠳᠤ ᠡᠵᠡᠩᠨᠡᠯᠳᠠ ᠬᠢᠬᠦ ᠶᠢ ᠵᠦᠪᠰᠢᠶᠠᠷᠡᠬᠦ | ᠭᠡᠷᠡᠭᠲᠠᠢ︔ ᠭᠠᠳᠠᠭᠠᠳᠤ ᠳᠤ ᠭᠠᠷᠭᠠᠬᠤ ᠵᠠᠬᠠ ᠲᠡᠯᠭᠡᠬᠦᠷ ᠤᠨ ᠤᠯᠠᠨ ᠡᠰᠢᠵᠢᠬᠦ ᠶᠢ ᠠᠬᠢᠭᠤᠯᠵᠤ᠂ ᠭᠠᠳᠠᠭᠠᠳᠤ ᠠᠴᠠ | ᠤᠷᠤᠭᠤᠯᠬᠤ ᠭᠤᠬᠴᠤᠭᠠᠨ ᠳᠠᠬᠢ ᠲᠦᠷᠢᠮ ᠤᠨ ᠴᠢᠨᠠᠷᠳᠠᠢ ᠦᠪᠡᠷ ᠤᠨ ᠦᠷᠳᠡᠭ ᠢ ᠪᠠᠭᠤᠷᠠᠭᠤᠯᠵᠥ᠂ ᠨᠡᠩ ᠦᠨᠳᠦᠷ ᠲᠦᠪᠰᠢᠨ | ᠪᠦᠬᠦᠢ ᠭᠠᠳᠠᠭᠠᠳᠤ ᠨᠡᠭᠡᠭᠡᠯᠳᠠ ᠪᠠᠷ ᠡᠯᠡ ᠤᠯᠤᠰ ᠯᠤᠭᠠ ᠠᠵᠠ ᠲᠤᠬᠢᠶᠠᠯ ᠢ ᠬᠠᠮᠳᠤ ᠪᠠᠷ ᠡᠳ᠋ᠯᠡᠵᠤ᠂ ᠬᠠᠮᠳᠤ ᠪᠠᠷ ᠬᠦᠭᠵᠢᠵᠤ᠂ | ᠨᠡᠩ ᠰᠠᠶᠢᠨ ᠰᠠᠶᠢᠬᠠᠨ ᠬᠦᠭᠵᠢᠯᠳᠠ ᠶᠢᠨ ᠢᠷᠡᠭᠡᠳᠦᠢ ᠶᠢ ᠡᠬᠦᠳᠤᠨ ᠨᠡᠭᠡᠭᠡᠬᠦ ᠭᠡᠷᠡᠭᠲᠠᠢ᠃ | ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷᠡ ᠶᠢᠨ 22 ᠤᠨ ᠴᠠᠬᠢᠯᠭᠠᠨ ᠮᠡᠳᠡᠭᠡ︶ | |