ᠴᠠᠭ ᠦᠶᠡ ᠪᠤᠯᠭᠠᠨ ᠳᠤ ᠦᠪᠡᠷ ᠤᠨ ᠬᠢᠨᠢ ᠵᠤᠷᠢᠭ ᠰᠠᠨᠠᠭᠠᠨ ᠤ ᠬᠡᠪ ᠨᠠᠮᠪᠠ ᠪᠠᠶᠢᠳᠠᠭ᠂ ᠲᠦᠷᠦ ᠶᠢᠨ ᠨᠠᠮ | ᠪᠤᠯᠭᠠᠨ ᠳᠤ ᠦᠪᠡᠷ ᠤᠨ ᠬᠢᠨᠢ ᠵᠤᠷᠢᠭ ᠰᠠᠨᠠᠭᠠᠨ ᠤ ᠬᠡᠪ ᠴᠢᠨᠠᠷ ᠪᠠᠶᠢᠳᠠᠭ᠃ ᠵᠤᠷᠢᠭᠳᠠᠢ ᠪᠠᠷ ᠦᠪᠡᠷ ᠤᠨ ᠪᠡᠶᠡ ᠳᠡᠭᠡᠨ | ᠬᠤᠪᠢᠰᠬᠠᠯ ᠬᠢᠵᠥ᠂ ᠨᠠᠮ ᠢ ᠴᠢᠩᠭᠠ ᠬᠠᠮᠢᠶᠠᠷᠴᠦ ᠴᠢᠩᠭᠠ ᠵᠠᠰᠠᠬᠤ ᠪᠤᠯ ᠮᠠᠨ ᠤ ᠨᠠᠮ ᠤᠨ ᠬᠠᠮᠤᠭ ᠤᠨ ᠢᠯᠡ ᠲᠤᠳᠤ ᠵᠠᠩ | ᠴᠢᠨᠠᠷ ᠪᠤᠯᠤᠨᠠ᠃ | ᠠᠷᠪᠠ ᠶᠢᠰᠦᠳᠦᠬᠡᠷ ᠬᠤᠭᠤᠴᠠᠭᠠᠨ ᠤ ᠲᠦᠪ ᠤᠨ ᠰᠠᠬᠢᠯᠭᠠ ᠪᠠᠳᠤ ᠪᠠᠶᠢᠴᠠᠭᠠᠬᠤ ᠬᠤᠷᠢᠶᠡᠨ ᠤ ᠭᠤᠷᠪᠠᠳᠤᠭᠠᠷ | ᠪᠦᠬᠦᠳᠡ ᠬᠤᠷᠡᠯ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭᠠ ᠶᠢ ᠪᠦᠬᠦ ᠲᠡᠯᠡ ᠪᠠᠷ | ᠲᠤᠭᠤᠰᠢᠯᠠᠭᠤᠯᠵᠥ᠂ ᠪᠦᠬᠦ ᠲᠡᠯᠡ ᠪᠠᠷ ᠨᠠᠮ ᠢ ᠴᠢᠩᠭᠠ ᠵᠠᠰᠠᠬᠤ ᠶᠢ ᠭᠤᠶᠢᠪᠢᠰᠢ ᠦᠭᠡᠢ ᠠᠬᠢᠭᠤᠯᠬᠤ ᠰᠢᠨᠡ ᠪᠠᠶᠢᠳᠠᠯ ᠲᠤᠤᠷᠡ | ᠬᠤᠷᠡᠯᠳᠤᠭᠰᠠᠠ ᠨᠢᠬᠡ ᠤᠳᠠᠭᠠ ᠶᠢᠨ ᠴᠢᠬᠤᠯᠠ ᠬᠤᠷᠡᠯ ᠪᠤᠯᠤᠨᠠ᠃ ᠬᠤᠷᠡᠯ ᠲᠡᠬᠡᠷᠡ᠂ ᠶᠡᠷᠤᠩᠬᠡᠢ ᠱᠦᠵᠢ ᠰᠢ ᠶᠢᠨ ᠫᠢᠩ | ᠰᠢᠨᠡ ᠴᠠᠭ ᠦᠶᠡ ᠶᠢᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠪᠦᠬᠦ ᠲᠡᠯᠡ ᠶᠢᠨ ᠦᠨᠳᠤᠷᠴᠡ ᠠᠴᠠ᠂ ᠨᠠᠮ ᠤᠨ | ᠠᠷᠪᠠ ᠶᠢᠰᠦᠳᠦᠬᠡᠷ ᠶᠡᠭᠡ ᠬᠤᠷᠡᠯ ᠠᠴᠠ ᠨᠠᠭᠠᠰᠢ ᠪᠦᠬᠦ ᠲᠡᠯᠡ ᠪᠠᠷ ᠨᠠᠮ ᠢ ᠴᠢᠩᠭᠠ ᠵᠠᠰᠠᠭᠠᠳ ᠤᠯᠤᠭᠰᠠᠠ ᠰᠢᠨᠠ ᠴᠢᠬᠤᠯᠠ | ᠶᠡᠭᠡ ᠦᠷᠡ ᠪᠦᠳᠦᠬᠡᠯ ᠢ ᠬᠦᠢᠴᠡᠳ ᠨᠤᠳᠠᠯᠠᠵᠥ᠂ ᠦᠬᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠲᠤᠷᠰᠢᠬᠢ ᠨᠠᠮ ᠤᠨ | ᠦᠪᠡᠷ ᠤᠨ ᠪᠡᠶᠡ ᠳᠡᠭᠡᠨ ᠬᠤᠪᠢᠰᠬᠠᠯ ᠬᠢᠭᠡᠳ ᠤᠯᠤᠭᠰᠠᠨ ᠬᠤᠪᠤᠷ ᠨᠡᠨᠳᠢᠨ ᠲᠤᠷᠰᠢᠯᠭᠠ ᠶᠢ ᠬᠦᠨᠵᠡᠬᠡᠢ ᠳ᠋ᠦᠩᠨᠡᠵᠥ᠂ ᠪᠦᠬᠦ | ᠲᠡᠯᠡ ᠪᠠᠷ ᠨᠠᠮ ᠢ ᠴᠢᠩᠭᠠ ᠵᠠᠰᠠᠬᠤ ᠪᠠᠷ ᠨᠠᠮ ᠤᠨ ᠪᠦᠯᠬᠦᠮᠳᠡᠯ ᠨᠢᠬᠡᠳᠤᠯ ᠢ ᠪᠠᠬᠢᠵᠢᠬᠦᠯᠬᠦ᠂ ᠴᠢᠨᠡᠭᠡᠯᠢᠭ ᠨᠡᠶᠢᠬᠡᠮ ᠢ ᠪᠦᠬᠦ | ᠲᠡᠯᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ ᠳᠤ ᠪᠠᠳᠤ ᠴᠢᠩᠭᠠ ᠪᠠᠳᠤᠯᠠᠭᠠ ᠬᠠᠩᠭᠠᠬᠤ ᠲᠤᠬᠠᠢ ᠪᠠᠶᠢᠯᠳᠤᠬᠤ | ᠪᠤᠳᠤᠯᠭᠠ ᠶᠢᠨ ᠪᠠᠶᠢᠷᠢᠯᠠᠭᠤᠯᠤᠯᠳᠡ ᠬᠢᠵᠥ᠂ ᠤᠳᠤᠷᠢᠳᠬᠤ ᠺᠠᠳ᠋ᠷ ᠤᠨᠴᠠᠭᠠᠢᠢᠯᠠᠨ ᠲᠡᠬᠡᠳᠤ ᠵᠡᠷᠬᠡ ᠶᠢᠨ ᠤᠳᠤᠷᠢᠳᠬᠤ ᠺᠠᠳ᠋ᠷ ᠤᠨ | ᠰᠢᠨᠡ ᠪᠠᠶᠢᠳᠠᠯ ᠲᠤᠤᠷᠠᠬᠢ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶᠠ ᠨᠤᠭᠤᠳ ᠢ | ᠲᠤᠭᠤᠰᠢᠯᠠᠭᠤᠯᠬᠤ ᠳᠤ ᠲᠤᠳᠤᠷᠬᠠᠢ ᠱᠠᠭᠠᠷᠳᠠᠯᠭᠠ ᠲᠤᠷᠠᠳᠪᠠ᠃ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠ᠂ | ᠦᠨᠳᠤᠷ ᠲᠤ ᠵᠤᠭᠰᠤᠨ ᠠᠯᠤᠰ ᠢ ᠪᠠᠷᠠᠯᠠᠵᠥ᠂ ᠦᠵᠡᠯ ᠰᠠᠨᠠᠭᠠ ᠭᠦᠨ ᠬᠦᠨᠵᠡᠬᠡᠢ᠂ ᠠᠰᠠᠭᠤᠳᠠᠯ ᠳᠤ ᠰᠢᠭᠤᠳ ᠬᠠᠨᠳᠤᠵᠥ᠂ | ᠦᠭᠡ ᠶᠠᠷᠢᠶᠠ ᠨᠢ ᠢᠳᠡ ᠬᠦᠴᠦᠳᠠᠢ ᠪᠠᠶᠢᠵᠤ᠂ ᠮᠠᠨ ᠤ ᠨᠠᠮ ᠤᠨ ᠦᠪᠡᠷ ᠢ ᠪᠠᠨ ᠴᠡᠪᠡᠷᠰᠢᠬᠦᠯᠬᠦ᠂ ᠦᠪᠡᠷ ᠢ ᠪᠠᠨ | ᠲᠡᠬᠦᠯᠳᠡᠷᠵᠢᠬᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠲᠡᠭᠡᠭᠰᠢᠯᠡᠬᠦᠯᠬᠦ ᠲᠡᠬᠡᠳᠤ ᠬᠡᠮᠵᠢᠶᠡᠨ ᠤ ᠤᠬᠠᠮᠰᠠᠷ ᠢ ᠬᠦᠢᠴᠡᠳ | ᠢᠯᠡᠷᠡᠬᠦᠯᠵᠥ᠂ ᠰᠢᠨᠡ ᠴᠠᠭ ᠦᠶᠡ ᠶᠢᠨ ᠪᠦᠬᠦ ᠲᠠᠯᠠ ᠪᠠᠷ ᠨᠠᠮ ᠢ ᠴᠢᠩᠭᠠ ᠵᠠᠰᠠᠬᠤ ᠠᠵᠢᠯ ᠢ ᠦᠷᠭᠡᠳᠭᠡᠨ | ᠭᠦᠨᠵᠡᠭᠡᠶᠢᠷᠡᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶᠠ ᠪᠦᠬᠦ ᠲᠠᠯᠠ ᠪᠠᠷ ᠨᠠᠮ ᠢ ᠴᠢᠩᠭᠠ ᠵᠠᠰᠠᠬᠤ ᠶᠢ ᠴᠦᠬᠦᠷᠡᠰᠢ ᠦᠭᠡᠢ᠂ ᠭᠤᠶᠢᠪᠢᠰᠢ ᠦᠭᠡᠢ | ᠠᠬᠢᠭᠤᠯᠪᠠ᠃ ᠨᠢᠭᠡ ᠵᠢᠯ ᠭᠠᠷᠤᠢ ᠶᠢᠨ ᠲᠤᠷᠰᠢ᠂ ᠪᠢᠳᠡ ᠰᠢᠨᠠ ᠴᠠᠭ ᠦᠶᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ | ᠱᠠᠭᠠᠷᠳᠠᠯᠭᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠲᠡᠷᠢᠭᠦᠨ ᠳᠤ | ᠲᠠᠯᠪᠢᠬᠤ ᠶᠢ ᠪᠠᠷᠢᠮᠳᠠᠯᠠᠵᠤ᠂ ᠬᠢᠨᠠᠯᠳᠠ ᠲᠠᠯᠪᠢᠨ ᠰᠠᠬᠢᠯᠭᠠ ᠪᠠᠳᠤ ᠬᠡᠷᠡᠭᠵᠢᠭᠦᠯᠬᠦ ︽ᠳᠦᠷᠪᠡᠨ ᠬᠡᠯᠪᠡᠷᠢ ᠪᠠᠶᠢᠳᠠᠯ︾ ᠢ | ᠭᠦᠨᠵᠡᠭᠡᠶᠢᠷᠡᠭᠦᠯᠦᠨ ᠬᠡᠷᠡᠭᠯᠡᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠳᠡᠶᠢᠯᠦᠩᠭᠦᠢ ᠢᠯᠠᠯᠳᠠ ᠶᠢ ᠤᠯᠵᠤ᠂ ᠤᠯᠠᠨ | ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠴᠢᠷᠮᠠᠶᠢᠨ ᠵᠠᠯᠬᠠᠭᠠᠵᠤ᠂ ᠨᠠᠮ ᠪᠤᠯᠤᠨ ᠤᠯᠤᠰ ᠤᠨ ᠬᠢᠨᠠᠯᠳᠠ ᠲᠠᠯᠪᠢᠬᠤ | ᠰᠢᠰᠲ᠋ᠧᠮ ᠢ ᠴᠢᠷᠮᠠᠶᠢᠨ ᠲᠡᠭᠦᠯᠳᠡᠷᠵᠢᠭᠦᠯᠵᠤ᠂ ᠪᠦᠬᠦ ᠲᠠᠯᠠ ᠪᠠᠷ ᠨᠠᠮ ᠢ ᠴᠢᠩᠭᠠ ᠵᠠᠰᠠᠭᠠᠳ ᠤᠯᠤᠭᠰᠠᠨ ᠦᠷᠠ ᠪᠦᠲᠦᠭᠡᠯ ᠢᠶᠠᠨ | ᠲᠠᠰᠤᠷᠠᠯᠳᠠ ᠦᠭᠡᠢ ᠪᠠᠬᠢᠵᠢᠭᠦᠯᠵᠤ᠂ ᠭᠦᠨᠵᠡᠭᠡᠶᠢᠷᠡᠭᠦᠯᠵᠤ᠂ ᠦᠷᠭᠡᠳᠭᠡᠵᠤ᠂ ᠰᠢᠨᠠ ᠴᠢᠬᠤᠯᠠ ᠶᠡᠭᠡ ᠦᠷᠠ ᠪᠦᠲᠦᠭᠡᠯ | ᠤᠯᠵᠤ᠂ ᠨᠠᠮ ᠪᠤᠯᠤᠨ ᠤᠯᠤᠰ ᠤᠨ ᠦᠢᠯᠡᠰ ᠤᠨ ᠰᠢᠨᠠ ᠬᠦᠭᠵᠢᠯᠳᠡ ᠶᠢ ᠪᠡᠶᠡᠯᠡᠭᠦᠯᠬᠦ ᠳᠤ ᠪᠠᠳᠤ ᠴᠢᠩᠭᠠ ᠪᠠᠳᠤᠯᠠᠭᠠ | ᠬᠠᠩᠭᠠᠪᠠ᠃ ᠨᠢᠭᠡ ᠵᠢᠯ ᠭᠠᠷᠤᠢ ᠶᠢᠨ ᠲᠤᠷᠰᠢ᠂ ᠪᠦᠬᠦ ᠨᠠᠮ ᠤᠨ ᠬᠠᠮᠳᠦ ᠶᠢᠨ ᠴᠢᠷᠮᠠᠶᠢᠯᠭᠠ ᠪᠠᠷ᠂ ᠨᠠᠮ ᠤᠨ ᠲᠦᠪᠯᠡᠷᠡᠩᠭᠦᠢ | ᠨᠢᠭᠡᠳᠦᠯᠳᠠᠢ ᠤᠳᠤᠷᠢᠳᠤᠯᠭᠠ ᠨᠡᠩ ᠪᠠᠳᠤ ᠴᠢᠩᠭᠠ ᠬᠦᠴᠦᠨ ᠲᠠᠢ ᠪᠤᠯᠵᠤ᠂ ᠨᠠᠮ ᠤᠨ ᠪᠠᠶᠢᠭᠤᠯᠤᠯᠳᠠ ᠶᠢᠨ ᠰᠢᠨᠠ ᠠᠭᠤᠤ ᠶᠡᠭᠡ | ᠢᠨᠵᠧᠨᠧᠷᠢᠩ ᠪᠦᠬᠦ ᠲᠠᠯᠠ ᠪᠠᠷ ᠴᠢᠩᠭᠠᠷᠠᠵᠤ᠂ ᠪᠦᠬᠦ ᠲᠠᠯᠠ ᠪᠠᠷ ᠨᠠᠮ ᠢ ᠴᠢᠩᠭᠠ ᠵᠠᠰᠠᠬᠤ ᠶᠢᠨ ᠦᠷᠠ ᠪᠦᠲᠦᠮᠵᠢᠳᠤ ᠴᠢᠨᠠᠷ | ᠲᠠᠰᠤᠷᠠᠯᠳᠠ ᠦᠭᠡᠢ ᠳᠡᠭᠡᠭᠰᠢᠯᠡᠵᠤ᠂ ᠨᠠᠮ ᠤᠨ ᠳᠤᠳᠤᠭᠠᠳᠤ ᠶᠢᠨ ᠤᠯᠤᠰ ᠲᠦᠷᠦ ᠶᠢᠨ ᠠᠮᠢ ᠠᠬᠤᠢ ᠤᠯᠠᠮ ᠴᠢᠨᠠᠭᠰᠢᠳᠠ | ᠲᠡᠭᠦᠯᠳᠡᠷᠵᠢᠵᠤ᠂ ᠨᠠᠮ ᠰᠢᠨᠠ ᠴᠠᠭ ᠦᠶᠠ ᠶᠢᠨ ᠰᠢᠨᠠ ᠠᠶᠠᠯᠠᠯ ᠳᠤ ᠨᠡᠩ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠵᠠᠢ᠃ | ᠰᠢᠨᠠ ᠴᠠᠭ ᠦᠶᠠ ᠳᠤ᠂ ᠮᠠᠠ ᠤ ᠨᠠᠮ ᠡᠷᠬᠡᠪᠰᠢ ᠰᠢᠨᠠ ᠲᠦᠷᠰᠦ ᠪᠠᠶᠢᠳᠠᠯ ᠰᠢᠨᠠ ᠵᠢᠳᠭᠦᠯ ᠴᠢᠷᠮᠠᠶᠢᠯᠭᠠ ᠭᠠᠷᠭᠠᠬᠤ | ᠬᠡᠷᠡᠭᠲᠡᠢ᠂ ᠡᠨᠡ ᠬᠦ ᠰᠢᠨᠠ ᠲᠦᠷᠰᠦ ᠪᠠᠶᠢᠳᠠᠯ ᠰᠢᠨᠠ ᠵᠢᠳᠭᠦᠯ ᠴᠢᠷᠮᠠᠶᠢᠯᠭᠠ ᠨᠢ ᠶᠠᠭᠤᠨ ᠤ ᠡᠮᠦᠨᠠ ᠪᠦᠬᠦ ᠲᠠᠯᠠ ᠪᠠᠷ ᠨᠠᠮ ᠢ | ᠴᠢᠩᠭᠠ ᠵᠠᠰᠠᠬᠤ ᠶᠢᠨ ᠰᠢᠨᠠ ᠪᠠᠶᠢᠲᠠᠯ ᠢ ᠡᠭᠦᠳᠬᠦ ᠳᠤ ᠪᠤᠢ᠃ ᠨᠠᠢᠮᠠᠠ ᠲᠤᠭᠲᠠᠭᠠᠯ ᠢ ᠲᠤᠭᠲᠠᠭᠠᠠ ᠭᠡᠷᠡᠭᠵᠢᠭᠦᠯᠦᠭᠰᠡᠨ ᠠᠴᠠ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠮᠵᠢ ᠪᠤᠯᠭᠠᠨ ᠨᠠᠮ ᠤᠨ ᠪᠠᠶᠢᠭᠤᠯᠤᠯᠲᠠ ᠶᠢ ᠪᠦᠬᠦ ᠲᠠᠯᠠ ᠪᠠᠷ | ᠠᠬᠢᠭᠤᠯᠤᠭᠰᠠᠨ ᠬᠦᠷᠲᠡᠯᠠ᠂ ︽ᠳᠡᠶᠢᠯᠦᠩᠭᠦᠢ ᠪᠠᠶᠢᠲᠠᠯ︾ ᠢ ᠪᠦᠷᠢᠯᠲᠦᠭᠦᠯᠦᠭᠰᠡᠨ ᠠᠴᠠ ︽ᠲᠠᠶᠢᠯᠦᠩᠭᠦᠢ ᠢᠯᠠᠯᠲᠠ︾ ᠶᠢ | ᠤᠯᠤᠭᠰᠠᠨ ᠬᠦᠷᠲᠡᠯᠠ᠂ ᠪᠦᠬᠦ ᠲᠠᠯᠠ ᠪᠠᠷ ᠨᠠᠮ ᠢ ᠴᠢᠩᠭᠠ ᠵᠠᠰᠠᠬᠤ ᠠᠵᠢᠯ ᠲᠠᠰᠤᠷᠠᠯᠲᠠ ᠦᠭᠡᠢ ᠴᠢᠬᠤᠯᠠ ᠶᠡᠭᠡ ᠦᠷᠠ | ᠪᠦᠲᠦᠭᠡᠯ ᠤᠯᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠ ᠶᠢᠨ ︽ᠨᠠᠮ ᠤᠨ ᠠᠭᠤᠤ ᠶᠡᠭᠡ | ᠦᠪᠡᠷ ᠪᠡᠶᠠ ᠶᠢᠨ ᠬᠤᠪᠢᠰᠬᠠᠯ ᠢ ᠡᠴᠤᠰ ᠲᠤᠨᠢ ᠲᠤᠯᠲᠠᠯᠠ ᠬᠢᠬᠦ︾ ᠡᠷᠡᠰ ᠪᠠᠳᠤ ᠵᠤᠷᠢᠭ ᠢ ᠭᠦᠢᠴᠡᠳ ᠬᠠᠷᠠᠭᠤᠯᠵᠠᠢ᠃ ᠨᠠᠮ ᠤᠨ | ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠪᠤᠯ ᠤᠷᠲᠤ ᠬᠤᠭᠤᠴᠠᠭᠠᠠ ᠤ᠂ | ᠨᠠᠷᠢᠨ ᠪᠤᠲᠤᠯᠢᠶᠠᠠᠲᠠᠢ᠂ ᠰᠢᠷᠭᠠᠭᠤ ᠬᠠᠲᠠᠭᠤᠵᠢᠯᠲᠠᠢ ᠡᠬᠦᠷᠭᠡ ᠮᠦᠨ᠃ ᠮᠠᠠ ᠤ ᠨᠠᠮ ᠤᠨ ᠰᠢᠨᠵᠢ ᠴᠢᠨᠠᠷ᠂ ᠵᠤᠷᠢᠯᠲᠠ ᠨᠢ ᠮᠠᠠ ᠤ | ᠨᠠᠮ ᠤᠨ ᠢᠯᠵᠢᠷᠠᠠ ᠲᠤᠷᠦ᠋ᠢᠲᠠᠬᠤ ᠶᠢ ᠤᠭᠳᠤ ᠵᠦᠪᠰᠢᠶᠡᠷᠬᠦ ᠦᠭᠡᠢ ᠶᠢ ᠲᠤᠭᠲᠠᠭᠠᠵᠦ᠂ ᠮᠠᠨ ᠤ ᠡᠷᠭᠡᠪᠰᠢ ᠡᠬᠦᠷᠢᠲᠡ ᠵᠤᠬᠰᠤᠰᠢ | ᠦᠭᠡᠢ ᠬᠠᠲᠠᠠ ᠵᠤᠷᠢᠭ ᠪᠠ ᠡᠷᠡᠰ ᠪᠠᠷᠢᠮᠳᠠᠯᠠᠯ ᠢᠶᠠᠷ ᠨᠠᠮ ᠤᠨ ᠲᠡᠷᠢᠭᠦᠨ ᠤ ᠴᠢᠨᠠᠷ ᠪᠤᠯᠤᠨ ᠠᠷᠢᠭᠤᠨ ᠴᠢᠨᠠᠷ ᠢ ᠬᠤᠬᠢᠷᠠᠭᠤᠯᠬᠤ | ᠠᠯᠢᠪᠠ ᠠᠰᠠᠭᠤᠲᠠᠯ ᠲᠠᠢ ᠡᠷᠡᠰ ᠲᠡᠮᠡᠴᠡᠯ ᠬᠢᠬᠦ ᠶᠢ ᠳᠤᠭᠳᠠᠭᠠᠵᠠᠢ᠃ ᠡᠨᠡ ᠬᠦ ᠠᠰᠠᠭᠤᠲᠠᠯ ᠳᠡᠭᠡᠷᠠ᠂ ᠪᠢᠲᠠ ᠬᠡᠵᠢᠶᠠ ᠴᠤ ᠬᠡᠳ | ᠪᠠᠷᠤᠭ ᠪᠤᠯᠴᠢᠬᠠᠨᠠ᠂ ᠵᠢᠭᠠᠬᠠᠨ ᠠᠮᠢᠰᠬᠤᠭᠠ ᠠᠪᠴᠤ᠂ ᠲᠦᠷ ᠠᠮᠤᠰᠬᠢᠶᠠ ᠭᠡᠰᠡᠡ ᠪᠤᠲᠤᠯ ᠤᠷᠤᠵᠦ ᠪᠤᠯᠬᠤ ᠦᠭᠡᠢ᠂ ᠨᠢᠭᠡ | ᠤᠳᠠᠭᠠ ᠪᠠᠶᠢᠯᠳᠤᠭᠠᠳ ᠡᠭᠦᠷᠢᠳᠡ ᠰᠠᠨᠠᠭᠠ ᠠᠮᠦᠷ ᠰᠠᠭᠤᠨᠠ ᠭᠡᠰᠡᠡ ᠪᠤᠲᠤᠯ ᠤᠷᠤᠵᠦ ᠪᠤᠯᠬᠤ ᠦᠭᠡᠢ᠂ ᠵᠢᠭᠠᠬᠠᠨ ᠠᠮᠵᠢᠯᠲᠠ | ᠤᠯᠪᠠᠯ ᠠᠬᠢᠭᠠᠳ ᠴᠢᠷᠮᠠᠶᠢᠬᠤ ᠬᠡᠷᠡᠭ ᠦᠭᠡᠢ ᠭᠡᠬᠦ ᠪᠤᠲᠤᠯ ᠤᠷᠤᠵᠦ ᠪᠤᠯᠬᠤ ᠦᠭᠡᠢ ᠶᠤᠮ᠃ | ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠦᠩᠭᠡᠷᠡᠯᠳᠡ ᠪᠠᠨ ᠡᠷᠬᠢᠴᠡᠬᠦᠯᠪᠡᠯ᠂ ᠨᠡᠶᠢᠭᠡᠮ ᠤᠨ ᠬᠤᠪᠢᠰᠬᠠᠯ | ᠬᠢᠬᠦ ᠶᠢᠨ ᠵᠡᠷᠭᠡ ᠪᠠᠷ ᠳᠠᠰᠤᠷᠠᠯᠳᠠ ᠦᠭᠡᠢ ᠦᠪᠡᠷ ᠤᠨ ᠪᠡᠶᠠ ᠳᠡᠭᠡᠨ ᠬᠤᠪᠢᠰᠬᠠᠯ ᠬᠢᠬᠦ ᠪᠤᠯ ᠮᠠᠨ ᠤ ᠨᠠᠮ ᠤᠨ ᠪᠤᠰᠤᠳ | ᠲᠦᠷᠦ ᠶᠢᠨ ᠨᠠᠮ ᠠᠴᠠ ᠢᠯᠭᠠᠬᠳᠠᠬᠤ ᠬᠠᠮᠤᠭ ᠤᠨ ᠢᠯᠠ ᠳᠤᠳᠤ ᠰᠢᠨᠵᠢ ᠳᠡᠮᠳᠡᠭ ᠮᠦᠨ᠂ ᠪᠠᠰᠠ ᠴᠦ ᠮᠠᠨ ᠤ ᠨᠠᠮ ᠤᠨ | ᠲᠠᠰᠤᠷᠠᠯᠳᠠ ᠦᠭᠡᠢ ᠢᠯᠠᠯᠳᠠ ᠠᠴᠠ ᠰᠢᠨᠠ ᠢᠯᠠᠯᠳᠠ ᠲᠡᠶᠢᠰᠢ ᠤᠷᠤᠬᠰᠢᠯᠠᠭᠰᠠᠨ ᠵᠠᠩᠬᠢᠯᠠᠭᠠ ᠮᠦᠨ᠃ ︽ᠲᠦᠷᠦ ᠶᠢᠨ | ᠪᠤᠳᠤᠯᠭᠠ ᠪᠠᠨ ᠦᠷᠭᠦᠯᠵᠢ ᠬᠤᠪᠢᠷᠠᠭᠤᠯᠬᠤ ᠦᠭᠡᠢ ᠪᠤᠯ ᠰᠠᠶᠢᠨ᠂ ᠵᠠᠰᠠᠯᠳᠠ ᠶᠢ ᠪᠠᠶᠢᠩᠭᠤ ᠠᠳᠬᠤᠬᠤ ᠬᠡᠷᠡᠭᠳᠠᠢ︾ | ᠭᠡᠳᠡᠭ ᠢᠶᠠᠷ᠂ ᠪᠢᠳᠠ ᠪᠦᠬᠦ ᠲᠠᠯᠠ ᠪᠠᠷ ᠨᠠᠮ ᠢ ᠴᠢᠩᠭᠠ ᠵᠠᠰᠠᠬᠤ ᠶᠢ ᠦᠷᠬᠦᠯᠵᠢᠯᠡᠨ ᠠᠬᠢᠭᠤᠯᠵᠦ᠂ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠢ ᠦᠷᠬᠦᠯᠵᠢᠯᠡᠨ ᠠᠬᠢᠭᠤᠯᠬᠤ ᠭᠡᠷᠡᠭᠲᠡᠢ᠃ ᠬᠤᠷᠠᠯ ᠳᠡᠭᠡᠷᠠ | ᠶᠡᠷᠦᠩᠭᠡᠢ ᠱᠦᠵᠢ ᠰᠢ ᠶᠢᠨ ᠫᠢᠩ ᠤᠨ ᠳᠤᠷᠠᠳᠤᠭᠰᠠᠨ 6 ᠵᠦᠢᠯ ᠤᠨ ᠡᠭᠦᠷᠭᠡ ᠨᠢ ᠰᠢᠨᠠ ᠴᠠᠭ ᠦᠶᠠ ᠶᠢᠨ ᠰᠠᠬᠢᠯᠭᠠ ᠪᠠᠳᠤ | ᠪᠠᠶᠢᠴᠠᠭᠠᠬᠤ ᠬᠢᠨᠡᠨ ᠪᠠᠶᠢᠴᠠᠭᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠴᠢᠭᠯᠡᠯ ᠢ ᠳᠤᠳᠤᠷᠬᠠᠢᠢᠯᠠᠵᠦ᠂ | ᠵᠢᠷᠤᠮᠯᠠᠯ ᠬᠠᠩᠭᠠᠵᠠᠢ᠃ ᠡᠯᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠢᠨ ᠦᠵᠡᠯ ᠰᠠᠨᠠᠭᠠ ᠪᠠ ᠠᠵᠢᠯᠯᠠᠭᠠ ᠪᠠᠨ | ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭᠠ ᠲᠠᠢ ᠨᠢᠭᠡᠳᠭᠡᠵᠦ᠂ ᠰᠠᠨᠠᠭᠠᠴᠢᠯᠠᠭᠠ ᠠᠴᠠ ᠪᠠᠨ | ᠬᠠᠷᠢᠭᠤᠴᠠᠯᠭᠠ ᠡᠬᠦᠷᠭᠡᠯᠡᠨ ᠵᠢᠳᠬᠦᠯ ᠴᠢᠷᠮᠠᠶᠢᠯᠭᠠ ᠭᠠᠷᠭᠠᠵᠦ᠂ ᠵᠤᠷᠢᠬᠳᠠᠢ ᠲᠡᠮᠡᠴᠡᠵᠦ᠂ ᠴᠢᠳᠠᠮᠠᠭᠠᠢ ᠲᠡᠮᠡᠴᠡᠵᠦ᠂ ᠰᠤᠯᠠᠷᠠᠭᠤᠯᠤᠯ | ᠦᠭᠡᠢ ᠠᠳᠬᠤᠵᠤ᠂ ᠵᠤᠬᠰᠤᠰᠢ ᠦᠭᠡᠢ ᠴᠢᠷᠮᠠᠶᠢᠵᠤ᠂ ᠪᠦᠬᠦ ᠲᠠᠯᠠ ᠪᠠᠷ ᠨᠠᠮ ᠢ ᠴᠢᠩᠭᠠ ᠵᠠᠰᠠᠬᠤ ᠠᠵᠢᠯ ᠤᠨ ᠨᠡᠩ ᠶᠡᠭᠡ | ᠪᠠᠶᠢᠯᠳᠤᠬᠤ ᠪᠤᠳᠤᠯᠭᠠ ᠶᠢᠨ ᠴᠢᠨᠠᠷᠳᠠᠢ ᠦᠷᠠ ᠪᠦᠲᠦᠭᠡᠯ ᠢ ᠤᠯᠵᠦ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ ᠲᠡᠶᠢᠯᠦᠩᠬᠦᠢ | ᠢᠯᠠᠯᠳᠠ ᠶᠢ ᠪᠠᠬᠢᠵᠢᠬᠦᠯᠦᠨ ᠬᠦᠭᠵᠢᠬᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠ ᠪᠠ ᠨᠠᠮ ᠤᠨ | ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠦ ᠪᠤᠳᠤᠯᠭᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠠᠳᠤᠯᠠᠵᠦ᠂ ᠰᠢᠯᠢᠳᠡᠭ ᠠᠮᠵᠢᠯᠳᠠ ᠪᠠᠷ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ ᠪᠡᠯᠭᠡᠯᠡᠬᠦ ᠭᠡᠷᠡᠭᠲᠡᠢ︕ | ︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷᠠ ᠶᠢᠨ 12 ᠤᠨ ᠴᠠᠬᠢᠯᠭᠠᠨ ᠮᠡᠳᠡᠭᠡ︶ | |