4 ᠰᠠᠷᠠ ᠶᠢᠨ 14 ᠤ ᠡᠳᠦᠷ᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠰᠤᠷᠭᠠᠨ | ᠬᠦᠮᠦᠵᠢᠯ ᠤᠨ ᠳᠡᠬᠡᠳᠤ ᠰᠤᠷᠭᠠᠭᠤᠯᠢ ᠪᠠᠶᠢᠭᠤᠯᠤᠭᠳᠠᠪᠠ᠃ ᠰᠤᠷᠭᠠᠨ ᠬᠦᠮᠦᠵᠢᠯ ᠤᠨ ᠰᠢᠨᠵᠢᠯᠡᠬᠡᠨ ᠤ ᠰᠠᠯᠪᠤᠷᠢ ᠪᠤᠯ ᠦᠪᠦᠷ | ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠳᠠᠪᠠᠭᠤᠯᠢᠭ ᠰᠢᠨᠵᠢᠯᠡᠬᠡᠨ ᠤ ᠰᠠᠯᠪᠤᠷᠢ ᠪᠤᠯᠬᠤ ᠪᠦᠬᠡᠳ ᠳᠤᠰ | ᠰᠤᠷᠭᠠᠭᠤᠯᠢ ᠶᠢᠨ ᠬᠠᠮᠤᠭ ᠡᠴᠡ ᠡᠷᠳᠡ ᠪᠠᠶᠢᠭᠤᠯᠤᠭᠳᠠᠭᠰᠠᠨ 60 ᠭᠠᠷᠤᠢ ᠵᠢᠯ ᠤᠨ ᠳᠡᠦᠬᠡ ᠳᠠᠢ ᠰᠢᠨᠵᠢᠯᠡᠬᠡᠨ ᠤ ᠰᠠᠯᠠᠭᠠ ᠶᠢᠨ | ᠨᠢᠬᠡ ᠪᠤᠯᠤᠨᠠ᠃ | | ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠰᠢᠨᠡ ᠪᠡᠷ ᠪᠠᠢᠢᠭᠤᠯᠤᠭᠳᠠᠭᠰᠠᠨ ᠰᠤᠷᠭᠠᠨ | ᠬᠦᠮᠦᠵᠢᠯ ᠤᠨ ᠳᠡᠬᠡᠳᠤ ᠰᠤᠷᠭᠠᠭᠤᠯᠢ ᠨᠢ ᠰᠤᠷᠭᠠᠨ ᠬᠦᠮᠦᠵᠢᠯ ᠤᠨ ᠤᠬᠠᠭᠠᠨ᠂ ᠰᠤᠷᠭᠠᠭᠤᠯᠢ ᠶᠢᠨ ᠨᠠᠰᠤᠨ ᠡᠴᠡ ᠡᠮᠦᠨᠡᠬᠢ ᠪᠠ | ᠤ᠋ᠨᠴᠠᠭᠠᠢ ᠰᠤᠷᠭᠠᠨ ᠬᠦᠮᠦᠵᠢᠯ᠂ ᠤ᠋ᠯᠠᠨ ᠨᠡᠢᠢᠳᠡ ᠶᠢᠨ ᠠᠵᠢᠯ ᠦᠢᠯᠡᠰ ᠤᠨ ᠬᠠᠮᠢᠶᠠᠷᠤᠯᠳᠠ᠂ ᠰᠤᠷᠭᠠᠨ ᠬᠦᠮᠦᠵᠢᠯ ᠤᠨ ᠮᠡᠷᠬᠡᠵᠢᠯ | ᠪᠠ ᠪᠠᠭᠠ ᠰᠤᠷᠭᠠᠭᠤᠯᠢ ᠶᠢᠨ ᠰᠤᠷᠭᠠᠨ ᠬᠦᠮᠦᠵᠢᠯ ᠵᠡᠷᠬᠡ 5 ᠰᠠᠯᠪᠤᠷᠢ ᠪᠡᠷ ᠪᠦᠷᠢᠯᠳᠦᠵᠡᠢ᠃ ᠳᠡᠬᠡᠳᠤ ᠰᠤᠷᠭᠠᠭᠤᠯᠢ ᠵᠢᠨ ᠰᠤᠷᠭᠠᠨ | ᠬᠦᠮᠦᠵᠢᠯ ᠨᠢ ᠦᠨᠳᠤᠰᠦᠨ ᠠᠩᠬᠢ ᠶᠢᠨ ᠰᠤᠷᠭᠠᠨ ᠬᠦᠮᠦᠵᠢᠯ ᠵᠢᠡᠷ ᠰᠠᠭᠤᠷᠢ ᠪᠤᠯᠭᠠᠵᠤ᠂ ᠬᠢᠴᠢᠶᠡᠯ ᠲᠦᠷᠦᠯ ᠤᠨ | ᠪᠠᠢᠢᠭᠤᠯᠤᠯᠳᠠ ᠪᠡᠷ ᠵᠢᠯᠤᠭᠤᠳᠤᠭᠤᠯᠤᠨ᠂ ᠰᠢᠨᠵᠢᠯᠡᠬᠦ ᠤ᠋ᠬᠠᠭᠠᠨᠴᠢ ᠰᠤᠳᠤᠯᠭᠠᠨ ᠢᠶᠡᠷ ᠳᠤᠯᠭᠠᠭᠤᠷᠢᠯᠠᠵᠤ᠂ ᠠᠰᠫᠢᠷᠠᠨᠲ ᠤᠨ | ᠰᠤᠷᠭᠠᠨ ᠬᠦᠮᠦᠵᠢᠯ ᠢ ᠶᠡᠬᠡ ᠪᠡᠷ ᠬᠦᠭ᠍ᠵᠢᠬᠦᠯᠦᠨ᠂ ᠰᠢᠨᠵᠢᠯᠡᠬᠡᠨ ᠤ ᠰᠠᠯᠪᠤᠷᠢ ᠶᠢᠨ ᠪᠠᠢᠢᠭᠤᠯᠤᠯᠳᠠ ᠪᠠ ᠪᠠᠭᠰᠢ ᠵᠢᠨ ᠡᠩᠨᠡᠬᠡᠨ ᠪ | ᠪᠠᠢᠢᠭᠤᠯᠤᠯᠳᠠ ᠶᠢ ᠴᠢᠩᠭ᠋ᠠᠳᠬᠠᠵᠤ᠂ ᠭᠠᠳᠠᠭᠠᠳᠤ ᠳᠠᠢ ᠰᠤᠯᠢᠯᠴᠠᠭᠠ ᠬᠢᠬᠦ ᠪᠠ ᠬᠠᠮᠳᠤ ᠵᠢᠨ ᠠᠵᠢᠯᠯᠠᠭᠠ ᠦᠷᠨᠢᠬᠦᠯᠬᠦ ᠶᠢ | ᠴᠢᠬᠤᠯᠠᠴᠢᠯᠠᠵᠤ᠂ ᠦᠪᠡᠷᠳᠡᠬᠡᠨ ᠵᠠᠰᠬᠠᠤ ᠤ᠋ᠷᠤᠨ ᠤ ᠰᠤᠷᠭᠠᠨ ᠬᠦᠮᠦᠵᠢᠯ ᠤᠨ ᠦᠢᠯᠡᠰ ᠤᠨ ᠴᠢᠬᠤᠯᠠ ᠶᠡᠬᠡ ᠤ᠋ᠨᠤᠯ ᠪᠠ | ᠦᠢᠯᠡᠳᠦᠯᠬᠡ ᠶᠢᠨ ᠠᠰᠠᠭᠤᠳᠠᠯ ᠤᠨ ᠳᠤᠭᠤᠷᠢᠨ ᠳᠤ ᠳᠡᠷᠢᠬᠦᠨ ᠤ ᠰᠢᠨᠵᠢᠯᠡᠬᠡᠨ ᠤ ᠰᠠᠯᠪᠤᠷᠢ ᠪᠠ ᠳᠡᠷᠢᠬᠦᠨ ᠤ ᠳᠡᠬᠡᠳᠤ | ᠰᠤᠷᠭᠠᠭᠤᠯᠢ ᠶᠢ ᠴᠢᠷᠮᠠᠢᠢᠨ ᠪᠠᠢᠢᠭᠤᠯᠬᠤ ᠪᠤᠯᠤᠨᠠ᠃ | | |