ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭᠠ ᠪᠠᠨ ᠴᠢᠩᠭᠠᠳᠬᠠᠬᠤ ᠪᠤᠯ ᠤᠭ ᠰᠠᠨᠠᠭᠠ ᠪᠠᠨ ᠦᠯᠦ ᠮᠠᠷᠳᠠᠵᠤ᠂ | ᠡᠭᠦᠷᠭᠡ ᠬᠠᠷᠢᠭᠤᠴᠠᠯᠭᠠ ᠪᠠᠨ ᠪᠠᠳᠤ ᠴᠡᠭᠡᠵᠢᠯᠡᠬᠦ ᠭᠤᠤᠯ ᠰᠡᠳᠦᠪᠳᠤ ᠬᠦᠮᠦᠵᠢᠯ ᠢ ᠴᠢᠨᠠᠷ ᠰᠠᠶᠢᠳᠠᠢ ᠬᠦᠭᠵᠢᠭᠦᠯᠬᠦ ᠴᠢᠬᠤᠯᠠ | ᠪᠠᠳᠤᠯᠠᠭᠠ ᠪᠤᠯᠤᠨᠠ᠃ ᠪᠢᠳᠡ ᠬᠠᠷᠢᠭᠤᠴᠠᠯᠭᠠ ᠪᠠᠨ ᠦᠨᠡᠨ ᠬᠦ ᠡᠭᠦᠷᠭᠡᠯᠡᠵᠤ᠂ ᠡᠭᠦᠷᠭᠡ ᠪᠠᠨ ᠦᠨᠡᠨ ᠬᠦ | ᠨᠠᠶᠢᠳᠠᠪᠤᠷᠢᠵᠢᠭᠤᠯᠵᠤ᠂ ᠠᠵᠢᠯ ᠢᠶᠠᠨ ᠦᠨᠡᠨ ᠬᠦ ᠯᠠᠪᠳᠠᠭᠤᠨ ᠪᠠᠳᠤᠳᠠᠢ ᠬᠢᠬᠦ ᠬᠡᠷᠡᠭᠳᠠᠢ᠃ | ᠵᠠᠰᠠᠭ ᠲᠦᠷᠦ ᠶᠢᠨ ᠰᠤᠷᠳᠠᠯ ᠨᠢ ᠨᠡᠶᠢᠭᠡᠮ ᠨᠡᠶᠢᠳᠡ ᠶᠢᠨ ᠵᠠᠩ ᠦᠢᠯᠠ ᠶᠢ ᠨᠦᠯᠦᠭᠡᠯᠡᠨᠠ᠃ ᠲᠤᠰ ᠤᠳᠠᠭᠠ ᠶᠢᠨ | ᠭᠤᠤᠯ ᠰᠡᠳᠦᠪᠳᠤ ᠬᠦᠮᠦᠵᠢᠯ ᠤᠨ ᠠᠴᠢ ᠬᠤᠯᠪᠤᠭᠳᠠᠯ ᠬᠦᠨᠳᠤ ᠴᠢᠬᠤᠯᠠ᠂ ᠡᠯᠠ ᠱᠠᠳᠤᠨ ᠤ ᠨᠠᠮ ᠤᠨ ᠬᠤᠷᠢᠶᠠ ᠨᠠᠮ ᠤᠨ | ᠤᠳᠤᠷᠢᠳᠬᠤ ᠳᠤᠭᠤᠢᠢᠯᠠᠩ ᠭᠤᠤᠯ ᠴᠤᠭᠴᠠ ᠶᠢᠨ ᠬᠠᠷᠢᠭᠤᠴᠠᠯᠭᠠ ᠪᠠᠨ ᠨᠠᠷᠢᠨ ᠬᠢᠨᠠᠮᠠᠭᠠᠢ ᠭᠦᠢᠴᠡᠳᠭᠡᠵᠤ᠂ ᠭᠤᠤᠯ | ᠰᠡᠳᠦᠪᠳᠤ ᠬᠦᠮᠦᠵᠢᠯ ᠢ ᠭᠤᠤᠯ ᠠᠵᠢᠯ ᠤᠨ ᠲᠦᠯᠦᠪᠯᠡᠭᠡ ᠳᠡᠭᠡᠨ ᠤᠷᠤᠭᠤᠯᠵᠤ᠂ ᠨᠢᠮᠪᠠᠢ ᠲᠤᠬᠢᠷᠠᠭᠤᠯᠤᠨ ᠨᠠᠷᠢᠯᠢᠭ ᠵᠤᠬᠢᠶᠠᠨ | ᠪᠠᠶᠢᠭᠤᠯᠵᠤ᠂ ᠴᠢᠨᠠᠷ ᠰᠠᠶᠢᠳᠠᠢ ᠪᠠᠷ ᠦᠷᠨᠢᠭᠦᠯᠬᠦ ᠶᠢ ᠪᠠᠳᠤᠯᠠᠬᠤ ᠬᠡᠷᠡᠭᠳᠠᠢ᠃ ᠨᠠᠮ ᠤᠨ ᠬᠤᠷᠢᠶᠠ ᠨᠠᠮ ᠤᠨ ᠤᠳᠤᠷᠢᠳᠬᠤ | ᠳᠤᠭᠤᠢᠢᠯᠠᠩ ᠶᠢᠨ ᠭᠤᠤᠯ ᠤᠳᠤᠷᠢᠳᠬᠤ ᠨᠦᠬᠦᠳ ᠨᠢᠭᠡᠳᠦᠭᠡᠷ ᠬᠠᠷᠢᠭᠤᠴᠠᠯᠭᠠᠳᠠᠨ ᠤ ᠡᠭᠦᠷᠭᠡ ᠪᠠᠨ ᠬᠦᠢᠴᠡᠳᠭᠡᠵᠦ᠂ | ᠦᠪᠡᠷ ᠤᠨ ᠪᠡᠶᠠ ᠪᠠᠷ ᠢᠶᠠᠨ ᠲᠦᠯᠦᠪᠵᠢᠭᠦᠯᠦᠨ ᠠᠬᠢᠭᠤᠯᠵᠤ᠂ ᠨᠠᠶᠢᠳᠠᠪᠤᠷᠢᠵᠢᠭᠤᠯᠬᠤ ᠬᠡᠷᠡᠭᠳᠠᠢ᠃ ᠨᠠᠮ ᠤᠨ ᠬᠤᠷᠢᠶᠠ ᠨᠠᠮ ᠤᠨ | ᠤᠳᠤᠷᠢᠳᠬᠤ ᠳᠤᠭᠤᠢᠢᠯᠠᠩ ᠶᠢᠨ ᠪᠦᠷᠢᠯᠳᠦᠭᠦᠨ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭᠠ ᠶᠢ ᠰᠠᠶᠢᠳᠤᠷ | ᠭᠦᠢᠴᠡᠳᠭᠡᠵᠤ᠂ ᠬᠤᠪᠢᠳᠠᠨ ᠬᠠᠮᠢᠶᠠᠷᠴᠤ ᠪᠠᠶᠢᠭᠠ ᠬᠦᠷᠢᠶᠡᠨ ᠤ ᠪᠠᠨ ᠲᠤᠬᠠᠢ ᠱᠠᠯᠠᠪᠳᠠᠭᠤᠯᠤᠨ ᠵᠢᠯᠤᠭᠤᠳᠬᠤ ᠪᠠᠨ | ᠴᠢᠩᠭᠠᠳᠬᠠᠬᠤ ᠬᠡᠷᠡᠭᠳᠠᠢ᠃ ᠠᠵᠢᠯ ᠲᠦᠷᠦᠯ ᠤᠨ ᠰᠢᠰᠲ᠋ᠧᠮ ᠤᠨ ᠭᠤᠤᠯᠯᠠᠨ ᠬᠠᠮᠢᠶᠠᠷᠬᠤ ᠰᠠᠯᠠᠭᠠ ᠮᠦᠴᠢᠷ ᠭᠤᠤᠯᠯᠠᠨ | ᠬᠠᠮᠢᠶᠠᠷᠬᠤ ᠬᠠᠷᠢᠭᠤᠴᠠᠯᠭᠠ ᠪᠠᠨ ᠰᠠᠶᠢᠳᠤᠷ ᠭᠦᠢᠴᠡᠳᠭᠡᠵᠤ᠂ ᠲᠤᠰ ᠠᠵᠢᠯ ᠲᠦᠷᠦᠯ ᠲᠤᠰ ᠰᠢᠰᠲ᠋ᠧᠮ ᠤᠨ ᠲᠤᠬᠠᠢ | ᠵᠢᠯᠤᠭᠤᠳᠤᠯᠭᠠ ᠪᠠᠨ ᠴᠢᠩᠭᠠᠳᠬᠠᠵᠤ᠂ ᠤᠨᠴᠠᠯᠢᠭ ᠢᠶᠠᠨ ᠳᠤᠪᠤᠶᠢᠯᠭᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠳᠠᠢ᠃ | ᠤᠳᠤᠷᠢᠳᠬᠤ ᠪᠠᠶᠢᠭᠤᠯᠭᠠ ᠪᠤᠯᠤᠨ ᠤᠳᠤᠷᠢᠳᠬᠤ ᠺᠠᠳ᠋ᠷ ᠨᠡᠩ ᠦᠨᠳᠦᠷ ᠪᠠᠷᠢᠮᠵᠢᠶᠠ ᠪᠠᠷ ᠤᠷᠢᠳ ᠢᠶᠠᠷ ᠰᠤᠷᠤᠯᠴᠠᠵᠤ᠂ | ᠤᠷᠢᠳ ᠢᠶᠠᠷ ᠦᠭᠡᠷᠡᠴᠢᠯᠡᠨ ᠰᠠᠶᠢᠵᠢᠷᠠᠭᠤᠯᠵᠤ᠂ ᠦᠷᠭᠡᠨ ᠤᠯᠠᠨ ᠺᠠᠳ᠋ᠷ ᠤᠯᠠᠨ ᠲᠦᠮᠡᠨ ᠳᠤ ᠳᠠᠭᠤᠷᠢᠶᠠᠯ ᠪᠤᠯᠵᠤ᠂ ᠵᠢᠱᠢᠶᠠ | ᠦᠵᠡᠭᠦᠯᠬᠦ ᠬᠡᠷᠡᠭᠳᠠᠢ᠃ | ᠱᠠᠯᠠᠪᠳᠠᠭᠤᠯᠤᠨ ᠵᠢᠯᠤᠭᠤᠳᠪᠠᠯ ᠰᠠᠶ᠋ᠢ ᠨᠡᠩ ᠰᠠᠶᠢᠨ ᠢᠶᠠᠷ ᠨᠠᠶᠢᠳᠠᠪᠤᠷᠢᠵᠢᠭᠤᠯᠵᠤ᠂ ᠲᠠᠰᠤᠷᠠᠯᠳᠠ ᠦᠭᠡᠢ | ᠭᠦᠨᠵᠡᠭᠡᠶᠢᠷᠡᠭᠦᠯᠵᠤ ᠴᠢᠳᠠᠨᠠ᠃ ᠲᠤᠰ ᠤᠳᠠᠭᠠ ᠶᠢᠨ ᠭᠤᠤᠯ ᠰᠡᠳᠦᠪᠳᠤ ᠬᠦᠮᠦᠵᠢᠯ ᠢ ᠳᠡᠭᠡᠷᠠ ᠠᠴᠠ ᠳᠤᠷᠤᠭᠰᠢ ᠬᠤᠶᠠᠷ | ᠪᠦᠯᠦᠭ ᠬᠤᠪᠢᠶᠠᠨ ᠦᠷᠨᠢᠭᠦᠯᠦᠨᠠ᠂ ᠱᠠᠳᠤ ᠬᠤᠪᠢᠶᠠᠬᠤ ᠦᠭᠡᠢ᠂ ᠭᠤᠭᠴᠤᠭᠠ ᠬᠤᠪᠢᠶᠠᠬᠤ ᠦᠭᠡᠢ ᠪᠠᠷ ᠰᠠᠶᠢᠳᠤᠷ | ᠨᠢᠭᠡᠳᠦᠯᠳᠠᠢ ᠲᠦᠯᠦᠪᠵᠢᠭᠦᠯᠵᠤ᠂ ᠲᠦᠷᠦᠯ ᠬᠤᠪᠢᠶᠠᠨ ᠵᠢᠯᠤᠭᠤᠳᠬᠤ ᠨᠢ ᠮᠠᠰᠢ ᠴᠢᠬᠤᠯᠠ ᠶᠤᠮ᠃ ᠨᠢᠬᠡᠳᠦᠬᠡᠷ ᠪᠦᠯᠦᠭ᠂ | ᠬᠤᠶᠠᠳᠤᠭᠠᠷ ᠪᠦᠯᠦᠭ ᠤᠨ ᠨᠢᠬᠡᠴᠢ ᠶᠢᠨ ᠠᠳᠠᠯᠢ ᠪᠤᠰᠤ ᠤᠨᠴᠠᠯᠢᠬ ᠲᠤ ᠴᠢᠭᠯᠡᠬᠦᠯᠦᠨ᠂ ᠰᠢᠢᠳᠪᠤᠷᠢᠯᠡᠬᠦ ᠴᠢᠬᠤᠯᠠᠳᠠᠢ ᠳᠤᠪᠤᠶᠢᠮᠠ | ᠠᠰᠠᠭᠤᠳᠠᠯ ᠤᠳ ᠲᠤ ᠪᠤᠳᠠᠳᠠᠢ ᠱᠠᠭᠠᠷᠳᠠᠯᠭᠠ ᠳᠤᠷᠠᠳᠴᠤ᠂ ᠳᠡᠬᠡᠷᠠ ᠳᠤᠤᠷᠠ ᠱᠠᠳᠤᠨ ᠤ ᠬᠢᠨ ᠠᠳᠠᠯᠢ ᠪᠠᠷ ᠪᠦᠷ ᠪᠦᠳᠦᠬᠦᠯᠢᠭ | ᠪᠡ ᠡᠮᠤᠨᠠ ᠬᠤᠶᠢᠨᠠᠬᠢ ᠨᠢ ᠪᠦᠷ ᠠᠳᠠᠯᠢ ᠪᠠᠶᠢᠬᠤ ᠶᠢ ᠰᠡᠷᠬᠡᠶᠢᠯᠡᠨᠠ︔ ᠠᠳᠠᠯᠢ ᠨᠢᠬᠡ ᠪᠦᠯᠦᠭ ᠤᠨ ᠬᠢᠨ ᠴᠤ ᠠᠳᠠᠯᠢ ᠪᠤᠰᠤ | ᠭᠠᠵᠠᠷ ᠤᠷᠤᠨ᠂ ᠬᠦᠷᠢᠶᠠ ᠴᠠᠷᠠᠭᠠ᠂ ᠠᠵᠢᠯ ᠳᠦᠷᠦᠯ ᠤᠨ ᠤᠨᠴᠠᠯᠢᠬ ᠢ ᠦᠨᠳᠦᠰᠦᠯᠡᠨ᠂ ᠭᠠᠵᠠᠷ ᠤᠷᠤᠨ ᠤ ᠪᠠᠶᠢᠳᠠᠯ ᠳᠤᠨᠢ | ᠳᠤᠬᠢᠷᠠᠭᠤᠯᠬᠤ ᠶᠢ ᠪᠠᠷᠢᠮᠳᠠᠯᠠᠵᠦ᠂ ᠠᠳᠠᠯᠢ ᠪᠠᠷ ᠬᠠᠨᠳᠤᠵᠦ᠂ ᠠᠳᠠᠯᠢ ᠪᠠᠷ ᠬᠢᠬᠦ ᠶᠢ ᠰᠡᠷᠬᠡᠶᠢᠯᠡᠨᠠ︔ ᠬᠤᠶᠠᠳᠤᠭᠠᠷ ᠪᠦᠯᠦᠭ ᠤᠨ | ᠭᠤᠤᠯ ᠰᠡᠳᠦᠪᠳᠤ ᠬᠦᠮᠦᠵᠢᠯ ᠳᠤ ᠤᠷᠤᠯᠴᠠᠬᠤ ᠭᠠᠵᠠᠷ ᠤᠷᠤᠨ ᠪᠤᠯᠤᠨ ᠨᠢᠬᠡᠴᠢ ᠨᠢ ᠡᠷᠬᠡᠪᠰᠢ ᠪᠡᠯᠡᠳᠬᠡᠯ ᠬᠦᠳᠡᠯᠬᠡᠬᠡᠨ ᠬᠢᠬᠦ | ᠬᠡᠷᠡᠭᠳᠡᠢ ᠮᠦᠷᠳᠡᠬᠡᠨ ᠪᠠᠰᠠ ᠴᠠᠬ ᠨᠢ ᠪᠤᠯᠬᠤ ᠠᠴᠠ ᠡᠮᠤᠨᠠ ᠡᠷᠳᠡ ᠬᠦᠳᠡᠯᠬᠦ ᠶᠢ ᠰᠡᠷᠬᠡᠶᠢᠯᠡᠵᠦ᠂ ᠬᠦᠯᠢᠶᠡᠬᠦ ᠦᠬᠡᠢ ᠳᠦᠰᠢᠬᠦ | ᠦᠬᠡᠢ ᠪᠠᠶᠢᠵᠦ᠂ ᠴᠢᠭᠯᠡᠬᠦᠯᠦᠯᠳᠦ ᠴᠢᠨᠠᠷᠳᠠᠢ ᠪᠠᠷ ᠤᠷᠢᠳ ᠢᠶᠠᠷ ᠰᠤᠷᠤᠯᠴᠠᠵᠦ᠂ ᠤᠷᠢᠳ ᠢᠶᠠᠷ ᠴᠡᠭᠴᠡᠯᠡᠨ ᠰᠠᠶᠢᠵᠢᠷᠠᠭᠤᠯᠵᠦ᠂ | ᠭᠤᠤᠯ ᠰᠡᠳᠦᠪᠳᠦ ᠬᠦᠮᠦᠵᠢᠯ ᠢ ᠦᠷᠨᠢᠬᠦᠯᠬᠦ ᠳᠤ ᠤᠷᠢᠳᠴᠢᠯᠠᠬᠰᠠᠨ ᠪᠡᠯᠡᠳᠬᠡᠯ ᠠᠵᠢᠯ ᠢ ᠰᠠᠶᠢᠳᠤᠷ ᠬᠢᠬᠦ ᠬᠡᠷᠡᠭᠳᠡᠢ᠃ | ᠡᠨᠡ ᠤᠳᠠᠭᠠᠨ ᠤ ᠭᠤᠤᠯ ᠰᠡᠳᠦᠪᠳᠤ ᠬᠦᠮᠦᠵᠢᠯ ᠢ ᠪᠦᠬᠦ ᠨᠠᠮ ᠢᠶᠠᠷ ᠬᠠᠯᠠᠮᠵᠢᠯᠠᠵᠦ᠂ ᠨᠡᠶᠢᠭᠡᠮ ᠢᠶᠠᠷ ᠢᠶᠠᠨ ᠠᠩᠬᠠᠷᠴᠤ᠂ | ᠤᠯᠠᠨ ᠳᠦᠮᠡᠨ ᠬᠦᠰᠡᠨ ᠪᠠᠷᠠᠯᠠᠵᠦ ᠪᠠᠶᠢᠬᠤ ᠤᠴᠢᠷ ᠠᠴᠠ ᠤᠬᠠᠭᠤᠯᠭᠠ ᠶᠠᠷᠢᠶᠠ ᠬᠡᠯᠡᠯᠴᠡᠬᠡᠨ ᠤ ᠠᠵᠢᠯ ᠢ ᠰᠠᠶᠢᠳᠤᠷ ᠬᠢᠬᠦ ᠨᠢ | ᠳᠦᠢᠯ ᠤᠨ ᠴᠢᠬᠤᠯᠠ ᠶᠤᠮ᠃ ᠡᠷᠬᠡᠪᠰᠢ ᠭᠤᠤᠯ ᠵᠠᠭᠤᠴᠢᠯᠠᠭᠤᠷ ᠪᠤᠯᠤᠨ ᠰᠢᠨᠠ ᠪᠠᠷ ᠪᠤᠢ ᠪᠤᠯᠤᠬᠰᠠᠨ ᠵᠠᠭᠤᠴᠢᠯᠠᠭᠤᠷ ᠤᠨ | ᠦᠢᠯᠡᠳᠦᠯ ᠢ ᠬᠦᠢᠴᠡᠳ ᠪᠠᠳᠠᠷᠠᠭᠤᠯᠵᠦ᠂ ᠤᠯᠠᠨ ᠵᠦᠢᠯ ᠤᠨ ᠠᠷᠭᠠ ᠬᠡᠯᠪᠡᠷᠢ ᠶᠢ ᠬᠡᠷᠡᠭᠯᠡᠵᠦ᠂ ᠠᠷᠭᠠ ᠬᠡᠯᠪᠡᠷᠢ ᠠᠷᠭᠠ | ᠬᠡᠮᠵᠢᠶᠡᠨ ᠳᠤ ᠰᠢᠨᠠ ᠶᠢ ᠡᠬᠦᠳᠴᠤ᠂ ᠵᠦᠪ ᠳᠠᠯᠠ ᠶᠢᠨ ᠵᠢᠯᠤᠭᠤᠳᠤᠯᠭᠠ ᠶᠢ ᠴᠢᠩᠭᠠᠳᠬᠠᠵᠦ᠂ ᠭᠤᠤᠯ ᠰᠡᠳᠦᠪᠳᠦ ᠬᠦᠮᠦᠵᠢᠯ ᠢ | ᠰᠠᠶᠢᠳᠤᠷ ᠬᠢᠬᠦ ᠳᠤ ᠰᠠᠶᠢᠨ ᠰᠠᠶᠢᠬᠠᠨ ᠶᠠᠷᠢᠶᠠ ᠬᠡᠯᠡᠯᠴᠡᠬᠡᠨ ᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠡᠷᠬᠡᠪᠰᠢ | ᠳᠡᠷᠢᠬᠦᠨ ᠤ ᠨᠡᠶᠢᠳᠡᠯᠢᠭ ᠵᠢᠱᠢᠶᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠦ᠂ ᠬᠦᠰᠡᠯᠡᠩ | ᠢᠳᠡᠬᠡᠯ ᠪᠢᠰᠢᠷᠡᠯ ᠢᠶᠠᠨ ᠪᠠᠷᠢᠮᠳᠠᠯᠠᠬᠤ᠂ ᠡᠷᠬᠢᠮ ᠳᠡᠬᠡᠳᠦ ᠰᠠᠨᠠᠭᠠ ᠠᠬᠤᠢ ᠲᠠᠢ ᠪᠠᠶᠢᠬᠤ ᠶᠢ ᠪᠠᠳᠤᠯᠠᠬᠤ᠂ ᠤᠬ ᠰᠠᠨᠠᠭᠠ ᠡᠬᠦᠷᠬᠡ | ᠬᠠᠷᠢᠭᠤᠴᠠᠯᠭᠠ ᠪᠠᠨ ᠪᠠᠳᠤ ᠰᠠᠬᠢᠬᠤ᠂ ᠵᠤᠷᠢᠬᠳᠠᠢ ᠪᠠᠷ ᠡᠬᠦᠷᠬᠡᠯᠡᠨ ᠵᠢᠳᠬᠦᠬᠦ ᠳᠡᠷᠢᠬᠦᠨ ᠤ ᠨᠡᠶᠢᠳᠡᠯᠢᠭ ᠵᠢᠱᠢᠶᠠ ᠶᠢ ᠶᠡᠭᠡ ᠪᠠᠷ | ᠤᠬᠠᠭᠤᠯᠵᠦ᠂ ᠨᠠᠮ ᠤᠨ ᠬᠡᠰᠢᠬᠦᠨ ᠺᠠᠳ᠋ᠷ ᠤᠨ ᠳᠡᠷᠬᠡᠳᠡᠬᠢ ᠢᠳᠡᠬᠡᠮᠵᠢ ᠲᠠᠢ ᠰᠤᠷᠤᠯᠴᠠᠭᠤᠰᠢᠳᠠᠢ ᠳᠡᠷᠢᠬᠦᠨ ᠤ ᠬᠦᠮᠦᠨ ᠢ | ᠤᠬᠠᠭᠤᠯᠵᠦ᠂ ᠳᠡᠷᠢᠬᠦᠨ ᠤ ᠬᠢ ᠠᠴᠠ ᠰᠤᠷᠤᠯᠴᠠᠬᠤ᠂ ᠳᠠᠷᠢᠬᠦᠨ ᠤ ᠬᠢ ᠶᠢ ᠬᠦᠢᠴᠡᠬᠦ᠂ ᠳᠡᠷᠢᠬᠦᠨ ᠤ ᠬᠢ ᠪᠤᠯᠬᠤ ᠰᠠᠶᠢᠨ | ᠰᠠᠶᠢᠬᠠᠨ ᠬᠡᠪ ᠰᠤᠷᠳᠠᠯ ᠢ ᠪᠦᠷᠢᠯᠳᠦᠬᠦᠯᠬᠦ ᠬᠡᠷᠡᠭᠳᠡᠢ᠃ | ᠡᠯᠠ ᠱᠠᠳᠤ ᠡᠯᠠ ᠭᠠᠵᠠᠷ ᠤᠷᠤᠨ ᠤ ᠬᠢᠨ ᠡᠷᠬᠡᠪᠰᠢ ᠰᠠᠶᠢᠨ ᠰᠠᠶᠢᠬᠠᠨ ᠬᠡᠪ ᠰᠤᠷᠳᠠᠯ ᠢᠶᠠᠷ ᠭᠤᠤᠯ ᠰᠡᠳᠦᠪᠳᠦ | ᠬᠦᠮᠦᠵᠢᠯ ᠢ ᠦᠷᠨᠢᠬᠦᠯᠵᠦ᠂ ᠤᠳᠤᠷᠢᠳᠬᠤ ᠺᠠᠳ᠋ᠷ ᠤᠨ ᠳᠤᠰ ᠪᠠᠶᠠ ᠶᠢᠨ ᠬᠡᠪ ᠴᠢᠨᠠᠷ ᠢ ᠳᠡᠬᠡᠭᠰᠢᠯᠡᠬᠦᠯᠬᠦ᠂ ᠠᠰᠠᠭᠤᠳᠠᠯ ᠤᠨ | ᠦᠷᠠ ᠪᠦᠳᠦᠮᠵᠢ ᠶᠢ ᠰᠢᠢᠳᠪᠤᠷᠢᠯᠡᠬᠦ᠂ ᠤᠯᠠᠨ ᠳᠦᠮᠡᠨ ᠤ ᠦᠨᠡᠯᠡᠯᠳᠡ ᠳᠤᠰᠬᠠᠯ ᠵᠡᠷᠬᠡ ᠳᠠᠯᠠ ᠠᠴᠠ ᠭᠤᠤᠯ ᠰᠡᠳᠦᠪᠳᠦ | ᠬᠦᠮᠦᠵᠢᠯ ᠤᠨ ᠦᠷᠠ ᠪᠦᠳᠦᠮᠵᠢ ᠶᠢ ᠦᠨᠡᠯᠡᠵᠦ᠂ ᠭᠤᠤᠯ ᠰᠡᠳᠦᠪᠲᠦ ᠬᠦᠮᠦᠵᠢᠯ ᠤᠨ ᠪᠦᠷᠢᠯᠳᠦᠭᠦᠯᠦᠭᠰᠡᠨ ᠰᠠᠶᠢᠨ | ᠲᠤᠷᠰᠢᠯᠭᠠ᠂ ᠰᠠᠶᠢᠨ ᠠᠵᠢᠯᠯᠠᠬᠤ ᠠᠷᠭᠠ ᠶᠢ ᠳᠦᠷᠢᠮ ᠤᠨ ᠬᠡᠯᠪᠡᠷᠢ ᠪᠠᠷ ᠲᠤᠬᠲᠠᠪᠤᠷᠢᠵᠢᠭᠤᠯᠤᠨ᠂ ᠪᠠᠷᠢᠮᠲᠠᠯᠠᠵᠤ᠂ | ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠬᠦ ᠳᠡᠭᠡᠨ ᠳᠠᠬᠢᠨ ᠳᠠᠪᠲᠠᠨ ᠠᠯᠪᠠᠨ ᠪᠢᠴᠢᠭ ᠶᠠᠪᠤᠭᠤᠯᠬᠤ ᠦᠭᠡᠢ᠂ ᠳᠠᠪᠬᠤᠷ | ᠳᠠᠪᠬᠤᠷ ᠢᠶᠠᠷ ᠲᠤᠬᠤᠵᠤ ᠦᠭᠡᠷᠡᠴᠢᠯᠡᠬᠦ ᠦᠭᠡᠢ ᠪᠠᠶᠢᠵᠤ᠂ ᠤᠪᠯᠠᠬᠤ ᠮᠠᠶᠢᠭ ᠤᠨ ᠳᠦᠷᠢ ᠦᠵᠡᠭᠦᠯᠬᠦ ᠮᠠᠶᠢᠭ ᠤᠨ | ᠰᠤᠳᠤᠯᠤᠨ ᠪᠠᠶᠢᠴᠠᠭᠠᠯᠲᠠ ᠬᠢᠬᠦ ᠠᠴᠠ ᠰᠡᠷᠭᠡᠶᠢᠯᠡᠵᠦ᠂ ᠠᠰᠠᠭᠤᠳᠠᠯ ᠢ ᠪᠠᠶᠢᠴᠠᠭᠠᠨ ᠦᠵᠡᠬᠦ ᠳᠤ ᠠᠯᠪᠠᠨ ᠮᠠᠶᠢᠭ ᠤᠨ ᠪᠢᠴᠢᠭ | ᠵᠤᠬᠢᠶᠠᠯ ᠪᠢᠴᠢᠬᠦ ᠶᠢ ᠰᠡᠷᠭᠡᠶᠢᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤ ᠬᠤᠭᠤᠰᠤᠨ ᠤᠷᠢᠶᠠ | ᠬᠠᠰᠭᠢᠷᠴᠤ᠂ ᠪᠤᠳᠠᠲᠠᠢ ᠪᠠᠷ ᠠᠵᠢᠯᠯᠠᠬᠤ ᠦᠭᠡᠢ ᠪᠠᠶᠢᠬᠤ ᠠᠴᠠ ᠰᠡᠷᠭᠡᠶᠢᠯᠡᠬᠦ ᠬᠡᠷᠡᠭᠲᠡᠢ᠃ | ᠭᠤᠤᠯ ᠰᠡᠳᠦᠪᠲᠦ ᠬᠦᠮᠦᠵᠢᠯ ᠢ ᠭᠦᠨᠵᠡᠭᠡᠢ ᠠᠬᠢᠭᠤᠯᠤᠨ ᠪᠤᠳᠠᠲᠠᠶᠢᠵᠢᠭᠤᠯᠬᠤ ᠳᠤ᠂ ᠡᠷᠬᠡᠪᠰᠢ ᠭᠤᠤᠯᠳᠠᠯᠭᠠ ᠶᠢᠨ | ᠲᠤᠭᠤᠷᠢᠨ ᠳᠤ᠂ ᠶᠡᠭᠡ ᠲᠠᠯᠠ ᠳᠤ ᠦᠢᠯᠡᠴᠢᠯᠡᠵᠦ᠂ ᠬᠤᠭᠤᠰᠤᠨ ᠦᠭᠡ ᠬᠡᠯᠡᠵᠦ᠂ ᠬᠤᠶᠠᠷ ᠵᠦᠢᠯ ᠤᠨ ᠶᠠᠭᠤᠮᠠ | ᠪᠤᠯᠭᠠᠬᠤ ᠠᠴᠠ ᠰᠡᠷᠭᠡᠶᠢᠯᠡᠬᠦ ᠬᠡᠷᠡᠭᠲᠡᠢ᠃ ᠭᠤᠤᠯ ᠰᠡᠳᠦᠪᠲᠦ ᠬᠦᠮᠦᠵᠢᠯ ᠦᠷᠨᠢᠭᠦᠯᠬᠦ ᠶᠢ ᠨᠡᠮᠡᠭᠳᠡᠯ ᠢ ᠳᠤᠭᠳᠠᠪᠤᠷᠢᠵᠢᠭᠤᠯᠬᠤ᠂ | ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠬ ᠬᠦᠷᠳᠡᠬᠡᠬᠦ᠂ ᠠᠶᠤᠯ | ᠲᠦᠭᠰᠢᠬᠦᠷᠢ ᠶᠢ ᠰᠡᠷᠬᠡᠶᠢᠯᠡᠬᠦ᠂ ᠲᠤᠭᠳᠠᠭᠤᠨ ᠢ ᠪᠠᠳᠤᠯᠠᠬᠤ ᠡᠯᠡ ᠵᠦᠢᠯ ᠤᠨ ᠠᠵᠢᠯ ᠲᠠᠢ ᠤᠶᠠᠯᠳᠤᠭᠤᠯᠤᠨ᠂ ᠪᠢᠳᠡᠨ ᠤ | ᠤᠳᠤᠬᠠᠨ ᠳᠤ ᠶᠠᠭ ᠬᠢᠵᠦ ᠪᠠᠶᠢᠭᠠ ᠠᠵᠢᠯ ᠲᠠᠢ ᠪᠠᠨ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷ ᠤᠨ ᠬᠠᠯᠠᠭᠤᠨ ᠰᠡᠳᠭᠢᠯ | ᠠᠵᠢᠯᠯᠠᠬᠤ ᠡᠷᠴᠢᠮ ᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠬᠢᠵᠦ ᠦᠢᠯᠡᠰ ᠪᠦᠲᠦᠭᠡᠬᠦ ᠪᠤᠳᠠᠳᠤ ᠠᠵᠢᠯᠯᠠᠭᠠ | ᠪᠤᠯᠭᠠᠨ ᠬᠤᠪᠢᠷᠠᠭᠤᠯᠬᠤ ᠬᠡᠷᠡᠭᠲᠡᠢ᠃ ᠢᠯᠠᠩᠭᠤᠶᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯᠳᠠᠯᠭᠠᠲᠤ ᠠᠵᠢᠯ | ᠳᠡᠭᠡᠷᠠ ᠠᠩᠬᠠᠷᠤᠯ ᠢᠶᠠᠨ ᠲᠦᠪᠯᠡᠷᠡᠭᠦᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠲᠤᠯ ᠦᠭᠡᠢ | ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨᠠ ᠵᠠᠮ ᠢ ᠬᠦᠴᠦᠯᠡᠨ ᠡᠷᠢᠯᠬᠢᠯᠡᠵᠦ᠂ | ᠰᠢᠨᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠬᠳᠠᠯ ᠤᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠷ ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠬᠦ ᠵᠡᠷᠭᠡ ᠲᠠᠯᠠ ᠪᠠᠷ ᠰᠢᠨᠠ ᠠᠬᠢᠴᠠ ᠰᠢᠨᠠ | ᠦᠷᠠ ᠪᠦᠲᠦᠮᠵᠢ ᠤᠯᠬᠤ ᠬᠡᠷᠡᠭᠲᠡᠢ᠃ | ᠬᠡᠳᠦᠢ ᠬᠤᠯᠠ ᠠᠶᠠᠯᠠᠬᠰᠠᠨ ᠴᠤ᠂ ᠶᠠᠪᠤᠵᠦ ᠦᠩᠭᠡᠷᠡᠭᠰᠡᠨ ᠵᠠᠮ ᠢᠶᠠᠨ ᠮᠠᠷᠲᠠᠵᠤ ᠪᠤᠯᠬᠤ ᠦᠭᠡᠢ︔ ᠬᠠᠮᠢᠭᠠ | ᠪᠠᠶᠢᠬᠰᠠᠨ ᠴᠤ᠂ ᠤᠭ ᠰᠠᠨᠠᠭᠠ ᠪᠠᠨ ᠡᠷᠡᠰ ᠬᠤᠪᠢᠷᠠᠭᠤᠯᠬᠤ ᠦᠭᠡᠢ ᠪᠠᠶᠢᠬᠤ ᠬᠡᠷᠡᠭᠲᠡᠢ᠃ ᠪᠢᠳᠡ ᠳᠡᠭᠡᠳᠦ ᠬᠡᠮᠵᠢᠶᠡᠨ ᠤ | ᠬᠠᠷᠢᠭᠤᠴᠠᠯᠭᠠ ᠡᠭᠦᠷᠭᠡᠯᠡᠬᠦ ᠵᠤᠷᠢᠭ ᠰᠠᠨᠠᠭᠠ᠂ ᠲᠦᠪ ᠬᠢᠴᠢᠶᠡᠩᠭᠦᠢ ᠨᠠᠷᠢᠨ ᠬᠢᠨᠠᠮᠠᠭᠠᠢ ᠤᠪᠤᠷ ᠢᠶᠠᠷ᠂ ᠰᠠᠶᠢᠲᠤᠷ ᠡᠬᠢᠯᠡᠵᠦ᠂ | ᠦᠨᠳᠦᠷ ᠪᠠᠷᠢᠮᠵᠢᠶᠠ ᠦᠨᠳᠦᠷ ᠶᠠᠰᠤ ᠴᠢᠨᠠᠷ ᠢᠶᠠᠷ ᠭᠤᠤᠯ ᠰᠡᠳᠦᠪᠲᠦ ᠬᠦᠮᠦᠵᠢᠯ ᠤᠨ ᠡᠯᠠ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠳᠠᠭ ᠯᠡ ᠶᠤᠮ ᠪᠤᠯ᠂ ᠤᠭ ᠰᠠᠨᠠᠭᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭᠠ ᠪᠠᠨ ᠪᠠᠲᠤ ᠴᠡᠭᠡᠵᠢᠯᠡᠬᠦ ᠭᠤᠤᠯ ᠰᠡᠳᠦᠪᠲᠦ ᠬᠦᠮᠦᠵᠢᠯ ᠯᠠᠪᠲᠠᠢ ᠦᠪᠦᠷ ᠮᠤᠩᠭᠤᠯ ᠠᠴᠠ ᠡᠯᠪᠡᠭ ᠬᠤᠷᠢᠶᠠᠯᠲᠠ | ᠤᠯᠬᠤ ᠶᠤᠮ᠃ | | |