ᠮᠠᠨ ᠤ ᠤᠷᠤᠨ ᠭᠠᠵᠠᠷ ᠤᠷᠤᠨ ᠤ ᠪᠤᠳᠠᠳᠠᠢ ᠪᠠᠶᠢᠳᠠᠯ ᠢᠶᠠᠨ ᠦᠨᠳᠤᠰᠤᠯᠠᠵᠤ᠂ ᠠᠵᠢᠯ ᠤᠯᠭᠤᠯᠳᠠ ᠶᠢ ᠲᠡᠷᠢᠬᠦᠨ ᠳᠤ | ᠲᠠᠯᠪᠢᠬᠤ ᠪᠠᠶᠢᠯᠳᠤᠬᠤ ᠪᠤᠳᠤᠯᠭᠠ ᠶᠢ ᠪᠠᠷᠢᠮᠳᠠᠯᠠᠨ᠂ ᠨᠡᠩ ᠢᠳᠡᠪᠬᠢᠳᠡᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭᠠ ᠶᠢ | ᠬᠡᠷᠡᠭᠵᠢᠬᠦᠯᠵᠤ᠂ ᠶᠡᠭᠡ ᠲᠡᠭᠡᠳᠤ ᠰᠤᠷᠭᠠᠭᠤᠯᠢ ᠠᠴᠠ ᠲᠠᠬᠦᠰᠦᠭᠰᠡᠨ ᠤᠶᠤᠳᠠᠳ ᠤᠨ ᠪᠡᠶᠠ ᠪᠠᠨ ᠲᠠᠭᠠᠭᠠᠵᠦ ᠠᠵᠢᠯ ᠤᠯᠬᠤ ᠶᠢ | ᠠᠬᠢᠭᠤᠯᠵᠤ᠂ ᠨᠠᠩ ᠴᠢᠨᠠᠷᠯᠢᠭ ᠠᠵᠢᠯ ᠤᠯᠭᠤᠯᠳᠠ ᠶᠢ ᠪᠡᠶᠡᠯᠡᠬᠦᠯᠬᠦ ᠪᠠᠷ ᠬᠦᠴᠤᠯᠡᠵᠤ ᠢᠷᠠᠵᠠᠢ᠃ | ᠡᠬᠦᠨ ᠳᠤ ᠠᠵᠦ ᠠᠬᠤᠢᠢᠯᠠᠯ ᠤᠨ ᠠᠵᠢᠯ ᠤᠯᠭᠤᠯᠲᠠ ᠶᠢ ᠲᠤᠭᠲᠠᠭᠤᠨ ᠪᠠᠶᠢᠯᠭᠠᠬᠤ ᠭᠤᠤᠯ ᠴᠤᠭᠴᠠ ᠶᠢᠨ | ᠦᠢᠯᠡᠲᠦᠯ ᠢ ᠨᠡᠩ ᠰᠠᠶᠢᠳᠤᠷ ᠪᠠᠲᠠᠷᠠᠭᠤᠯᠵᠦ᠂ ᠠᠵᠦ ᠠᠬᠤᠢᠢᠯᠠᠯ ᠢ ᠲᠡᠮᠵᠢᠵᠦ ᠠᠵᠢᠯ ᠤᠨ ᠪᠠᠶᠢᠷᠢ ᠶᠢ ᠲᠤᠭᠲᠠᠭᠤᠨ ᠪᠠᠶᠢᠯᠭᠠᠬᠤ | ᠵᠡᠷᠭᠡ ᠡᠯᠠ ᠵᠦᠢᠯ ᠤᠨ ᠠᠷᠭᠠ ᠬᠡᠮᠵᠢᠶᠠ ᠶᠢ ᠯᠠᠪᠳᠠᠭᠤᠨ ᠪᠠᠳᠤᠳᠠᠢ ᠨᠠᠶᠢᠲᠠᠪᠤᠷᠢᠵᠢᠭᠤᠯᠵᠦ᠂ ᠠᠵᠦ ᠠᠬᠤᠢ ᠶᠢᠨ ᠨᠡᠮᠡᠭᠲᠡᠯ ᠪᠤᠯᠤᠨ | ᠠᠵᠢᠯ ᠤᠯᠭᠤᠯᠲᠠ ᠶᠢᠨ ᠨᠡᠮᠡᠭᠲᠡᠯ ᠤᠨ ᠰᠠᠶᠢᠨ ᠡᠷᠬᠢᠯᠲᠠ ᠶᠢ ᠪᠠᠳᠤᠯᠠᠪᠡ︔ ︽ᠤᠯᠠᠨ ᠢᠶᠠᠷ ᠢᠶᠠᠨ ᠦᠢᠯᠡᠰ ᠪᠤᠰᠬᠠᠵᠤ᠂ | ᠨᠡᠶᠢᠳᠡ ᠪᠠᠷ ᠢᠶᠠᠨ ᠰᠢᠨᠡ ᠶᠢ ᠡᠭᠦᠳᠬᠦ︾ ᠠᠵᠢᠯᠯᠠᠭᠠ ᠶᠢ ᠡᠷᠴᠢᠮ ᠲᠠᠢ ᠦᠷᠨᠢᠬᠦᠯᠤᠨ᠂ ᠦᠢᠯᠡᠰ ᠪᠤᠰᠬᠠᠬᠤ ᠪᠠᠷ ᠠᠵᠢᠯ | ᠤᠯᠭᠤᠯᠲᠠ ᠶᠢ ᠠᠬᠢᠭᠤᠯᠵᠦ᠂ ᠦᠢᠯᠡᠰ ᠪᠤᠰᠬᠠᠬᠤ ᠶᠢ ᠲᠡᠮᠵᠢᠬᠦ ᠲᠦᠷᠦ ᠶᠢᠨ ᠪᠤᠳᠤᠯᠭᠠ ᠪᠠ ᠤᠷᠮᠠᠰᠢᠭᠤᠯᠤᠨ ᠵᠤᠷᠢᠬᠵᠢᠭᠤᠯᠬᠤ | ᠲᠤᠬᠳᠡᠴᠨ ᠶᠢ ᠲᠡᠬᠦᠯᠳᠡᠷᠵᠢᠬᠦᠯᠵᠦ᠂ ᠦᠢᠯᠡᠰ ᠪᠤᠰᠬᠠᠬᠤ ᠬᠦᠷᠢᠶᠡᠯᠡᠩ ᠲᠤᠭᠤᠷᠢᠬ᠂ ᠰᠢᠨᠠ ᠶᠢ ᠡᠬᠦᠳᠬᠦ ᠲᠠᠰᠤᠭ᠂ | ᠤᠶᠤᠳᠠᠳ ᠤᠨ ᠦᠢᠯᠡᠰ ᠪᠤᠰᠬᠠᠬᠤ ᠨᠡᠪᠴᠢᠬᠦᠯᠦᠷ ᠤᠨ ᠬᠦᠷᠢᠶᠡᠯᠡᠩ ᠤᠨ ᠪᠦᠲᠦᠬᠡᠨ ᠪᠠᠶᠢᠭᠤᠯᠤᠯᠳᠠ ᠶᠢ ᠲᠡᠮᠵᠢᠵᠦ᠂ ᠬᠦᠮᠦᠨ | ᠪᠦᠬᠦᠨ ᠳᠤ ᠦᠢᠯᠡᠰ ᠪᠤᠰᠬᠠᠬᠤ᠂ ᠵᠡᠬᠦᠳᠤ ᠪᠠᠨ ᠲᠡᠷᠭᠡᠯᠰᠢᠬᠦᠯᠬᠦ ᠠᠵᠠ ᠲᠤᠬᠢᠶᠠᠯ ᠢ ᠴᠢᠷᠮᠠᠶᠢᠨ ᠤᠯᠭᠤᠵᠤ᠂ ᠰᠢᠨᠠ ᠪᠠᠷ | ᠮᠠᠨᠳᠤᠭᠰᠠᠨ ᠠᠵᠦ ᠦᠢᠯᠡᠰ ᠤᠨ ᠬᠦᠭᠵᠢᠯᠲᠠ ᠶᠢ ᠠᠬᠢᠭᠤᠯᠵᠦ᠂ ᠠᠵᠢᠯ ᠤᠯᠭᠤᠯᠲᠠ ᠶᠢᠨ ᠰᠢᠨᠠ ᠤᠷᠤᠨ ᠵᠠᠢ ᠶᠢ | ᠦᠷᠭᠡᠳᠭᠡᠪᠠ︔ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠬᠡᠪᠴᠢᠶᠠ ᠶᠢ ᠦᠷᠭᠡᠳᠭᠡᠬᠦ ᠪᠠ ᠠᠵᠢᠯ | ᠮᠡᠷᠭᠡᠵᠢᠯ ᠤᠨ ᠴᠢᠲᠠᠪᠤᠷᠢ ᠪᠤᠯᠪᠠᠰᠤᠷᠠᠯ ᠢ ᠲᠡᠭᠡᠭᠰᠢᠯᠡᠭᠦᠯᠬᠦ ᠠᠵᠢᠯᠯᠠᠭᠠ ᠶᠢ ᠠᠬᠢᠭᠤᠯᠵᠦ᠂ ᠬᠦᠮᠦᠨ ᠤ ᠬᠦᠴᠤᠨ ᠤ ᠡᠬᠢ | ᠪᠠᠶᠠᠯᠢᠭ ᠤᠨ ᠴᠢᠨᠠᠷ ᠰᠠᠶᠢᠲᠠᠢ ᠬᠦᠭᠵᠢᠯᠲᠠ ᠶᠢᠨ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ | ᠤᠯᠭᠤᠯᠳᠠ ᠶᠢ ᠤᠷᠢᠳ ᠢᠶᠠᠷ ᠪᠤᠲᠤᠯᠬᠢᠯᠠᠬᠤ ᠲᠦᠷᠦ ᠶᠢᠨ ᠪᠤᠲᠤᠯᠭᠠ ᠶᠢ ᠬᠦᠨᠵᠡᠭᠡᠢ ᠭᠡᠷᠡᠭᠵᠢᠭᠦᠯᠵᠦ᠂ ᠠᠵᠢᠯ ᠤᠯᠭᠤᠯᠲᠠ ᠶᠢ | ᠲᠤᠭᠲᠠᠭᠤᠨ ᠪᠠᠶᠢᠯᠭᠠᠬᠤ ᠶᠢ ᠲᠤᠪᠤᠶᠢᠮᠠ ᠪᠠᠶᠢᠷᠢᠨ ᠳᠤ ᠲᠠᠯᠪᠢᠵᠦ᠂ ᠪᠦᠬᠦ ᠵᠢᠯ ᠤᠨ ᠠᠵᠢᠯ ᠤᠯᠭᠤᠯᠲᠠ ᠶᠢᠨ ᠬᠠᠷᠠᠯᠲᠠᠲᠦ | ᠡᠬᠦᠷᠭᠡ ᠪᠠᠨ ᠬᠦᠴᠤᠯᠠᠨ ᠪᠠᠶᠠᠯᠠᠬᠦᠯᠪᠠ᠃ | ᠡᠨᠡ ᠵᠢᠯ ᠮᠠᠨ ᠤ ᠤᠷᠤᠨ ᠨᠠᠩ ᠴᠢᠨᠠᠷᠯᠢᠭ ᠠᠵᠢᠯ ᠤᠯᠭᠤᠯᠳᠠ ᠶᠢ ᠪᠠᠶᠠᠯᠠᠬᠦᠯᠬᠦ ᠶᠢᠨ ᠲᠦᠯᠦᠭᠡ᠂ ᠶᠡᠭᠡ ᠲᠠᠬᠡᠲᠤ | ᠰᠤᠷᠭᠠᠭᠤᠯᠢ ᠠᠴᠠ ᠲᠠᠬᠦᠰᠦᠭᠰᠠᠨ ᠤᠶᠤᠳᠠᠳ ᠤᠨ ᠴᠢᠲᠠᠪᠤᠷᠢ ᠶᠢ ᠲᠠᠬᠡᠭᠰᠢᠯᠡᠬᠦᠯᠬᠦ ᠠᠵᠢᠯᠯᠠᠭᠠ᠂ ᠦᠢᠯᠡᠰ ᠪᠤᠰᠬᠠᠬᠤ ᠶᠢ | ᠬᠦᠲᠤᠯᠤᠨ ᠵᠢᠯᠤᠭᠤᠳᠬᠤ ᠠᠵᠢᠯᠯᠠᠭᠠ ᠶᠢ ᠦᠷᠬᠦᠯᠵᠢᠯᠠᠨ ᠦᠷᠨᠢᠬᠦᠯᠬᠦ ᠶᠢᠨ ᠬᠠᠮᠳᠣ ᠪᠠᠷᠠᠭᠤᠨ ᠣᠷᠣᠨ ᠳᠤ ᠦᠢᠯᠡᠴᠢᠯᠡᠬᠦ | ᠲᠦᠯᠦᠪᠯᠡᠭᠡ ᠶᠢᠨ ᠰᠠᠶᠢᠨ ᠲᠤᠷᠠᠴᠤᠤᠯ ᠵᠡᠷᠬᠡ ᠶᠡᠭᠡ ᠲᠠᠬᠡᠲᠤ ᠰᠤᠷᠭᠠᠭᠤᠯᠢ ᠠᠴᠠ ᠲᠠᠬᠦᠰᠦᠭᠰᠠᠨ ᠤᠶᠤᠳᠠᠳ ᠤᠨ ᠦᠨᠲᠤᠰᠤᠨ | ᠱᠠᠲᠤᠨ ᠳᠤ ᠦᠢᠯᠠᠴᠢᠯᠡᠬᠦ ᠲᠦᠷᠦᠯ ᠵᠦᠢᠯ ᠢ ᠦᠷᠬᠦᠯᠵᠢᠯᠠᠨ ᠬᠡᠷᠡᠭᠵᠢᠬᠦᠯᠵᠤ᠂ ᠲᠠᠷᠠᠴᠢᠯᠠᠨ ᠶᠡᠭᠡ ᠲᠠᠬᠡᠲᠤ ᠰᠤᠷᠭᠠᠭᠤᠯᠢ ᠠᠴᠠ | ᠲᠠᠬᠦᠰᠦᠭᠰᠡᠨ ᠤᠶᠤᠳᠠᠳ ᠲᠤ ᠠᠵᠢᠯ ᠤᠯᠭᠤᠬᠤ ᠦᠢᠯᠠᠴᠢᠯᠡᠬᠡᠨ ᠤ ᠭᠠᠷᠠᠭ ᠤᠨ ᠠᠵᠢᠯᠯᠠᠭᠠ ᠵᠠᠷᠬᠡ ᠶᠢ ᠦᠷᠨᠢᠬᠦᠯᠵᠤ᠂ ᠶᠡᠭᠡ | ᠲᠠᠬᠡᠲᠤ ᠰᠤᠷᠭᠠᠭᠤᠯᠢ ᠠᠴᠠ ᠲᠠᠬᠦᠰᠦᠭᠰᠡᠨ ᠤᠶᠤᠳᠠᠳ ᠲᠤ ᠦᠢᠯᠡᠰ ᠪᠤᠰᠬᠠᠬᠤ ᠪᠠᠯᠠ ᠮᠦᠡᠭᠬᠦ ᠶᠢᠨ ᠲᠠᠮᠵᠢᠯᠬᠡ ᠦᠵᠡᠬᠦᠯᠤᠨ᠂ | ᠭᠠᠶᠢᠯᠢ ᠰᠦᠢᠳᠬᠡᠯ ᠢ ᠬᠠᠰᠤᠨ ᠬᠡᠯᠲᠤᠷᠢᠬᠦᠯᠵᠤ᠂ ᠠᠵᠢᠯ ᠤᠯᠵᠤ ᠦᠢᠯᠡᠰ ᠪᠤᠰᠬᠠᠬᠤ ᠨᠦᠬᠦᠪᠤᠷᠢ ᠶᠢᠨ ᠪᠠᠷᠢᠮᠵᠢᠶᠠ ᠶᠢ 1000 | ᠲᠦᠬᠦᠷᠢᠭ ᠪᠠᠶᠢᠬᠰᠠᠨ ᠠᠴᠠ ᠪᠠᠨ 1500 ᠲᠦᠬᠦᠷᠢᠭ ᠪᠤᠯᠭᠠᠨ ᠨᠡᠮᠡᠭᠳᠡᠬᠦᠯᠤᠨ᠂ ᠨᠢᠬᠡᠨᠲᠠ 8.29 ᠲᠦᠮᠠᠨ ᠶᠡᠭᠡ ᠲᠠᠬᠡᠲᠤ | ᠰᠤᠷᠭᠠᠭᠤᠯᠢ ᠠᠴᠠ ᠲᠠᠬᠦᠰᠦᠭᠰᠡᠨ ᠤᠶᠤᠳᠠᠳ ᠢ ᠬᠠᠪᠰᠤᠷᠤᠨ ᠠᠵᠢᠯ ᠤᠯᠭᠤᠭᠰᠠᠨ ᠪᠤᠶᠤ ᠠᠵᠢᠯ ᠤᠯᠭᠤᠬᠤ ᠬᠠᠷᠠᠯᠳᠠ ᠲᠠᠢ | ᠪᠤᠯᠭᠠᠵᠤ᠂ ᠶᠡᠭᠡ ᠲᠠᠬᠡᠲᠤ ᠰᠤᠷᠭᠠᠭᠤᠯᠢ ᠠᠴᠠ ᠲᠠᠬᠦᠰᠦᠭᠰᠡᠨ ᠤᠶᠤᠳᠠᠳ ᠤᠨ ᠠᠵᠢᠯ ᠤᠯᠬᠤ ᠪᠠ ᠦᠢᠯᠡᠰ ᠪᠤᠰᠬᠠᠬᠤ ᠠᠷᠭᠠ | ᠵᠠᠮ ᠢ ᠬᠦᠴᠦᠯᠡᠨ ᠦᠷᠭᠡᠳᠭᠡᠵᠤ ᠪᠠᠶᠢᠨᠠ᠃ | |