ᠲᠥᠩᠯᠢᠶᠤᠤ ᠬᠤᠲᠠ ᠭᠠᠴᠠᠭᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ | ᠴᠢᠳᠠᠮᠵᠢ ᠶᠢ ᠲᠡᠭᠡᠭᠰᠢᠯᠡᠬᠦᠯᠵᠥ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠬᠥᠲᠥᠯᠥᠨ | ᠳᠠᠭᠠᠭᠤᠯᠬᠤ ᠪᠠ ᠣᠯᠠᠨ ᠲᠦᠮᠡᠨ ᠳᠤ ᠦᠶ᠋ᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠭᠠᠴᠠᠭᠠ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠ ᠶᠢ ᠳᠠᠭᠠᠭᠤᠯᠤᠨ ᠡᠷᠬᠢᠯᠡᠬᠦ ᠶᠢ ᠬᠡᠷᠡᠭᠵᠢᠭᠦᠯᠬᠦ | ᠰᠠᠨᠠᠯ ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠮᠠᠯᠴᠢᠨ | ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠯᠠᠯ ᠤᠨ ᠲᠣᠭᠲᠠᠴᠠ ᠪᠠᠶᠢᠭᠤᠯᠥᠨ ᠬᠥᠳᠡᠭᠡ ᠲᠣᠰᠬᠤᠨ ᠢ ᠪᠥᠬᠦ ᠲᠠᠯᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠨᠠ᠃ | ᠨᠠᠮ ᠤᠨ ᠡᠭᠦᠷ ᠬᠥᠲᠥᠯᠥᠨ ᠳᠠᠭᠠᠭᠤᠯᠵᠤ ᠬᠥᠭᠵᠢᠯᠲᠡ ᠶᠢᠨ ᠴᠢᠭᠯᠡᠯ ᠢ ᠣᠨᠣᠴᠠᠲᠠᠢ ᠰᠤᠩᠭᠤᠨᠠ᠃ ᠭᠠᠴᠠᠭᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠰᠢᠶᠠ ᠡᠷᠬᠢᠯᠡᠬᠦ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠵᠣᠬᠢᠶᠠᠨ ᠪᠠᠶᠢᠭᠤᠯᠬᠤ ᠰᠠᠯᠠᠭᠠ ᠮᠥᠴᠢᠷ ᠢᠶᠠᠷ ᠭᠤᠤᠯᠯᠠᠭᠤᠯᠤᠭᠰᠠᠠ ᠮᠠᠯ ᠠᠵᠤ ᠠᠬᠤᠶ ᠲᠠᠷᠢᠶᠠᠯᠠᠩ᠂ ᠬᠠᠩᠭᠠᠨ | ᠪᠣᠷᠣᠯᠠᠭᠤᠯᠬᠤ᠂ ᠵᠠᠬᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭᠠ ᠮᠥᠴᠢᠷ ᠲᠤᠰᠬᠠᠶ ᠠᠵᠢᠯᠯᠠᠬᠤ ᠠᠩᠭᠢ | ᠪᠠᠶᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭᠠ ᠲᠠᠢ ᠲᠣᠬᠢᠷᠠᠭᠤᠯᠥᠨ᠂ ᠣᠷᠣᠰᠢᠵᠤ ᠪᠠᠶᠢᠭᠠ | ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠢᠶ᠋ᠳᠪᠦᠷᠢᠯᠡᠵᠠᠢ᠃ ᠭᠠᠴᠠᠭᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠤᠯ ᠴᠣᠭᠴᠠ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠨᠠᠮ ᠤᠨ ᠡᠭᠦᠷ ᠤᠨ ᠪᠦᠷᠢᠯᠳᠦᠬᠦᠨ ᠤ | ᠭᠠᠴᠠᠭᠠ ᠲᠣᠰᠬᠤᠨ ᠤ ᠬᠠᠮᠲᠤ ᠨᠡᠶᠢᠲᠡ ᠶᠢ ᠲᠥᠯᠥᠭᠡᠯᠡᠨ᠂ ᠬᠤᠪᠢ ᠬᠥᠮᠦᠨ ᠤ ᠨᠡᠷᠡ ᠪᠠᠷ ᠬᠠᠤᠯᠢ ᠶᠢᠨ ᠡᠷᠬᠡᠲᠡᠨ ᠤ ᠬᠢᠷᠢ ᠬᠡᠮ | ᠪᠥᠬᠦᠶ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠ ᠶᠢ ᠳᠡᠩᠰᠡᠯᠡᠨ ᠪᠠᠶᠢᠭᠤᠯᠬᠤ ᠶᠢ ᠵᠤᠷᠢᠬᠵᠢᠭᠤᠯᠵᠥ᠂ ᠭᠠᠴᠠᠭᠠ ᠲᠣᠰᠬᠤᠨ ᠤ | ᠨᠠᠮ ᠤᠨ ᠡᠬᠦᠷ ᠤᠨ ᠱᠦᠵᠢ ᠬᠡᠷᠡᠭ ᠡᠷᠬᠢᠯᠡᠭᠴᠢᠳ ᠤᠨ ᠳᠠᠷᠤᠭᠠ ᠶᠢᠨ ᠲᠤᠰᠢᠶᠠᠯ ᠡᠭᠦᠷᠭᠡᠯᠡᠵᠤ᠂ ᠬᠡᠷᠪᠡ ᠨᠠᠮ ᠤᠨ ᠡᠬᠦᠷ ᠤᠨ | ᠱᠦᠵᠢ ᠶᠢᠨ ᠲᠤᠰᠢᠶᠠᠯ ᠠᠴᠠ ᠪᠠᠨ ᠪᠠᠭᠤᠪᠠᠯ᠂ ᠬᠡᠷᠡᠭ ᠡᠷᠬᠢᠯᠡᠭᠴᠢᠳ ᠤᠨ ᠳᠠᠷᠤᠭᠠ ᠶᠢᠨ ᠲᠤᠰᠢᠶᠠᠯ ᠨᠢ ᠠᠶᠠᠨᠳᠠᠭᠠᠨ ᠬᠥᠴᠥᠨ | ᠥᠭᠡᠢ ᠪᠤᠯᠵᠤ᠂ ᠬᠤᠷᠰᠢᠶᠠ ᠶᠢᠨ ᠲᠥᠯᠥᠭᠡᠯᠡᠭᠴᠢ ᠭᠡᠰᠢᠭᠦᠨ ᠤ ᠶᠡᠭᠡ ᠬᠤᠷᠠᠯ ᠢᠶᠠᠷ ᠰᠢᠨᠡ ᠬᠡᠷᠡᠭ ᠡᠷᠬᠢᠯᠡᠭᠴᠢᠳ ᠤᠨ ᠳᠠᠷᠤᠭᠠ | ᠰᠣᠩᠭᠤᠬᠤ ᠪᠠᠷ ᠳᠤᠬᠳᠠᠪᠠ᠃ ᠡᠭᠦᠨ ᠤ ᠬᠠᠮᠲᠤ᠂ ᠭᠠᠴᠠᠭᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠤᠨ | ᠪᠦᠷᠢᠯᠳᠦᠬᠦᠨ ᠬᠢᠭᠡᠳ ᠬᠤᠷᠰᠢᠶᠠ ᠶᠢᠨ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠥᠪᠯᠡᠯ ᠤᠨ ᠪᠦᠷᠢᠯᠳᠦᠬᠦᠨ | ᠰᠣᠯᠪᠢᠴᠠᠨ ᠲᠤᠰᠢᠶᠠᠯ ᠡᠭᠦᠷᠭᠡᠯᠡᠵᠦ᠂ ᠭᠠᠴᠠᠭᠠ ᠲᠣᠰᠬᠤᠨ ᠤ ᠨᠠᠮ ᠤᠨ ᠡᠬᠦᠷ ᠪᠠ ᠠᠷᠠᠳ ᠤᠨ ᠵᠦᠪᠯᠡᠯ ᠬᠢᠭᠡᠳ ᠬᠤᠷᠰᠢᠶᠠ ᠶᠢᠨ | ᠬᠡᠷᠡᠭ ᠡᠷᠬᠢᠯᠡᠬᠦ ᠵᠥᠪᠯᠡᠯ ᠴᠢᠬᠤᠯᠠ ᠶᠡᠭᠡ ᠬᠡᠷᠡᠭ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠣᠳᠣᠯᠭᠠ ᠲᠣᠭᠲᠠᠭᠠᠬᠤ ᠵᠡᠷᠭᠡ | ᠲᠦᠷᠢᠮ ᠲᠤᠭᠳᠠᠭᠠᠵᠥ᠂ ᠬᠤᠷᠰᠢᠶᠠ ᠶᠢᠨ ᠬᠥᠭᠵᠢᠯᠲᠡ ᠶᠢ ᠢᠮᠠᠭᠲᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭᠠ | ᠳᠣᠤᠷᠠ ᠵᠢᠷᠤᠮᠵᠢᠭᠤᠯᠤᠨ ᠠᠵᠢᠯᠯᠠᠭᠤᠯᠬᠤ ᠶᠢ ᠦᠨᠡᠨ ᠬᠦ ᠪᠠᠲᠤᠯᠠᠵᠤ ᠪᠠᠶᠢᠨᠠ᠃ | ᠡᠬᠢ ᠪᠠᠶᠠᠯᠢᠭ ᠢ ᠨᠡᠶᠢᠳᠭᠡᠵᠤ ᠲᠥᠷᠥ ᠶᠢᠨ ᠪᠣᠳᠣᠯᠭᠠ ᠪᠠᠷ ᠲᠡᠳᠬᠦᠬᠦ ᠶᠢ ᠴᠢᠩᠭᠠᠳᠬᠠᠵᠤ ᠪᠠᠶᠢᠨᠠ᠃ ᠲᠤᠰ | ᠬᠤᠲᠠ ᠶᠢᠨ ᠭᠠᠴᠠᠭᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠠᠵᠢᠯᠯᠠᠭᠠᠨ ᠤ | ᠲᠥᠯᠥᠪᠯᠡᠭᠡ ᠲᠣᠭᠲᠠᠭᠠᠵᠤ᠂ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠮᠠᠯ ᠠᠵᠤ ᠠᠬᠤᠶ ᠲᠠᠷᠢᠶᠠᠯᠠᠩ ᠵᠡᠷᠭᠡ | ᠰᠠᠯᠠᠭᠠ ᠮᠥᠴᠢᠷ ᠤᠨ ᠡᠭᠦᠷᠭᠡ ᠬᠠᠷᠢᠭᠤᠴᠠᠯᠭᠠ ᠵᠢᠴᠢ ᠣᠨ ᠤ ᠡᠭᠦᠷᠭᠡ ᠶᠢ ᠲᠣᠳᠣᠷᠬᠠᠶᠢᠯᠠᠵᠤ᠂ ᠮᠠᠯ ᠠᠵᠤ ᠠᠬᠤᠶ | ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢᠨ ᠲᠥᠷᠥᠯ ᠵᠦᠶ᠋ᠯ᠂ ᠠᠵᠥ ᠦᠢᠯᠡᠰ ᠢ ᠲᠡᠳᠬᠦᠬᠦ ᠲᠥᠷᠥ ᠶᠢᠨ ᠪᠣᠳᠣᠯᠭᠠ ᠶᠢ | ᠨᠢᠭᠡᠳᠦᠯᠲᠡᠶ ᠲᠥᠯᠥᠪᠯᠡᠨ᠂ ᠭᠠᠴᠠᠭᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ ᠡᠷᠭᠢᠯᠡᠭᠰᠡᠨ ᠮᠠᠯᠴᠢᠨ | ᠲᠠᠷᠢᠶᠠᠴᠢᠨ ᠤ ᠲᠤᠰᠬᠠᠶ ᠬᠤᠷᠰᠢᠶᠠ ᠶᠢ ᠡᠩ ᠲᠡᠷᠢᠭᠦᠨ ᠳᠤ ᠲᠡᠳᠬᠦᠵᠠᠢ᠃ ᠬᠠᠮᠢᠶᠠ ᠪᠦᠬᠦᠢ ᠨᠢᠭᠡᠴᠢ ᠶᠢ ᠵᠣᠬᠢᠴᠠᠭᠤᠯᠵᠤ᠂ ᠮᠠᠯ | ᠠᠵᠤ ᠠᠬᠤᠢ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ᠂ ᠶᠠᠳᠠᠭᠤ ᠶᠢ ᠲᠡᠳᠬᠦᠬᠦ ᠪᠠ ᠪᠤᠰᠤᠳ ᠲᠡᠳᠬᠦᠨ | ᠪᠤᠵᠠᠭᠠᠶᠢᠷᠠᠭᠤᠯᠬᠤ ᠬᠠᠮᠲᠤ ᠶᠢᠨ ᠠᠵᠤ ᠠᠬᠤᠢ ᠶᠢᠨ ᠲᠥᠷᠥᠯ ᠵᠦᠶ᠋ᠯ ᠢ ᠭᠠᠴᠠᠭᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠤᠨ ᠡᠷᠬᠢᠯᠡᠭᠰᠡᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠ ᠲᠡᠶᠢᠰᠢ ᠬᠡᠯᠪᠠᠶᠢᠯᠭᠡᠪᠠ᠃ | ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠ ᠥᠨᠳᠥᠷ ᠪᠠᠷᠢᠮᠵᠢᠶᠠᠲᠤ ᠲᠠᠷᠢᠶᠠᠯᠠᠩ ᠤᠨ ᠪᠥᠲᠥᠭᠡᠨ | ᠪᠠᠶᠢᠭᠤᠯᠤᠯᠲᠠ᠂ ᠲᠠᠷᠢᠶᠠᠯᠠᠩ ᠤᠨ ᠨᠡᠶᠢᠭᠡᠮᠴᠢᠯᠡᠭᠰᠡᠨ ᠦᠶ᠋ᠯᠡᠴᠢᠯᠡᠭᠡ ᠵᠡᠷᠭᠡ ᠲᠠᠷᠢᠶᠠᠯᠠᠩ ᠲᠠᠢ ᠬᠤᠯᠪᠣᠭᠳᠠᠬᠤ ᠲᠥᠷᠥᠯ ᠵᠦᠢᠯ ᠢ | ᠡᠭᠦᠷᠭᠡᠯᠡᠵᠦ᠂ ᠬᠤᠷᠰᠢᠶᠠ ᠶᠢ ᠬᠥᠲᠥᠯᠦᠨ ᠵᠢᠯᠣᠭᠤᠳᠴᠤ ᠬᠥᠭᠵᠢᠯᠲᠡ ᠶᠢᠨ ᠲᠥᠷᠥᠯ ᠵᠦᠶ᠋ᠯ ᠪᠠ ᠡᠵᠡᠩᠨᠡᠯᠲᠡ ᠶᠢᠨ ᠵᠠᠭᠪᠤᠷ ᠢ | ᠰᠣᠩᠭᠤᠨ᠂ ᠠᠵᠤ ᠠᠬᠤᠶ ᠶᠢᠨ ᠦᠷᠡ ᠠᠰᠢᠭ ᠢ ᠬᠠᠮᠤᠭ ᠤᠨ ᠶᠡᠭᠡ ᠪᠣᠯᠭᠠᠪᠠ᠃ ᠣᠳᠤ ᠲᠤᠰ ᠬᠤᠲᠠ 5000 ᠲᠦᠮᠡᠨ | ᠲᠥᠭᠦᠷᠢᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠷᠥᠯ | ᠵᠦᠶ᠋ᠯ ᠢ 46 ᠨᠡᠶᠢᠳᠭᠡᠵᠤ᠂ ᠭᠠᠴᠠᠭᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ ᠡᠷᠭᠢᠯᠡᠭᠰᠡᠨ | ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠ ᠶᠢ ᠲᠡᠳᠬᠦᠨ ᠬᠥᠭᠵᠢᠭᠦᠯᠵᠥ ᠪᠠᠶᠢᠨᠠ᠃ | ᠣᠯᠠᠨ ᠡᠰᠢᠲᠦ ᠬᠥᠭᠵᠢᠯᠲᠡ ᠶᠢ ᠪᠠᠷᠢᠮᠲᠠᠯᠠᠵᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ ᠪᠤᠢ᠃ ᠭᠠᠴᠠᠭᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠷᠢᠵᠤ ᠲᠡᠵᠢᠭᠡᠬᠦ ᠦᠢᠯᠡᠰ ᠡᠷᠬᠢᠯᠡᠬᠦ᠂ ᠬᠥᠳᠡᠭᠡ ᠲᠣᠰᠬᠤᠨ ᠤ | ᠵᠢᠭᠤᠯᠴᠢᠯᠠᠯ ᠪᠠ ᠮᠠᠯ ᠠᠵᠤ ᠠᠬᠤᠢ ᠲᠠᠷᠢᠶᠠᠯᠠᠩ ᠦᠶ᠋ᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ | ᠬᠥᠭᠵᠢᠯᠲᠡ ᠶᠢ ᠳᠠᠭᠠᠭᠤᠯᠬᠤ ᠶᠢ ᠢᠳᠡᠪᠬᠢᠲᠡᠶ ᠠᠬᠢᠭᠤᠯᠵᠤ᠂ ᠬᠤᠷᠰᠢᠶᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠪᠠ᠃ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠭᠠᠭᠤᠯᠤᠨ ᠡᠷᠬᠢᠯᠡᠬᠦ ᠬᠤᠷᠰᠢᠶᠠ ᠶᠢᠨ ᠳᠦᠷᠢᠮ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠬᠤᠪᠢᠴᠠᠭᠠ ᠶᠢᠨ ᠡᠷᠬᠡ ᠶᠢᠨ ᠬᠠᠷᠢᠴᠠᠯ ᠪᠣᠯᠤᠨ ᠠᠰᠢᠭ ᠲᠤᠰᠠ ᠶᠢᠨ ᠬᠤᠪᠢᠶᠠᠷᠢᠯᠠᠯᠲᠠ ᠵᠡᠷᠭᠡ | ᠴᠢᠬᠤᠯᠠ ᠶᠡᠭᠡ ᠤᠴᠢᠷ ᠶᠠᠪᠤᠳᠠᠯ ᠢ ᠲᠣᠳᠣᠷᠬᠠᠶᠢᠯᠠᠨ᠂ ᠮᠠᠯᠴᠢᠨ ᠲᠠᠷᠢᠶᠠᠴᠢᠳ ᠢ ᠭᠠᠵᠠᠷ ᠰᠢᠷᠣᠶ᠂ ᠪᠡᠯᠡ ᠮᠥᠩᠭᠦ᠂ ᠬᠥᠳᠡᠯᠮᠦᠷᠢ | ᠬᠦᠴᠦ ᠵᠡᠷᠭᠡ ᠣᠯᠠᠨ ᠵᠦᠶ᠋ᠯ ᠤᠨ ᠬᠡᠯᠪᠡᠷᠢ ᠪᠠᠷ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ᠳᠠᠷᠠᠭᠠ ᠪᠠᠶᠢᠭᠤᠯᠤᠭᠰᠠᠨ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠ᠂ | ᠭᠠᠴᠠᠭᠠ ᠲᠣᠰᠬᠤᠨ ᠤ ᠬᠠᠮᠲᠤ ᠶᠢᠨ ᠳᠠᠩᠰᠠᠯᠠᠭᠤᠯᠤᠭᠰᠠᠨ ᠺᠣᠮᠫᠠᠨᠢ ᠳᠤ ᠬᠤᠪᠢ ᠤᠷᠤᠭᠤᠯᠵᠤ᠂ ᠨᠢᠭᠡᠴᠢ ᠨᠢ ᠪᠦᠷᠢᠯᠳᠦᠬᠦᠨ | ᠪᠤᠯᠤᠬᠰᠠᠨ ᠤ ᠬᠤᠪᠢ ᠪᠠᠷ ᠨᠠᠮ ᠤᠨ ᠵᠣᠬᠢᠶᠠᠨ ᠪᠠᠶᠢᠭᠤᠯᠤᠯᠲᠠ ᠳᠠᠭᠠᠭᠤᠯᠤᠨ ᠡᠷᠬᠢᠯᠡᠭᠰᠡᠨ ᠮᠠᠯᠴᠢᠨ ᠲᠠᠷᠢᠶᠠᠴᠢᠨ ᠤ ᠲᠤᠰᠬᠠᠶ | ᠬᠤᠷᠰᠢᠶᠠ ᠳᠤ ᠤᠷᠤᠯᠴᠠᠵᠥ᠂ ᠬᠠᠮᠲᠤ ᠶᠢᠨ ᠪᠡᠯᠡ ᠮᠥᠩᠭᠦ᠂ ᠭᠠᠵᠠᠷ ᠰᠢᠷᠣᠶ᠂ ᠣᠢ ᠮᠣᠳᠣᠨ ᠤ ᠡᠵᠡᠩᠨᠡᠯᠳᠠ ᠶᠢᠨ ᠡᠷᠬᠡ ᠪᠤᠶᠤ | ᠪᠤᠰᠤᠳ ᠡᠳ᠋ ᠬᠥᠷᠥᠩᠭᠡ ᠪᠠᠷ ᠬᠤᠪᠢ ᠣᠷᠣᠵᠤ᠂ ᠡᠵᠡᠩᠨᠡᠯᠲᠡ ᠬᠠᠮᠢᠶᠠᠷᠤᠯᠲᠠ ᠳᠤ ᠣᠷᠣᠯᠴᠠᠨ᠂ ᠬᠠᠮᠲᠤ ᠶᠢᠨ ᠣᠷᠣᠯᠭᠠ ᠶᠢ | ᠨᠡᠮᠡᠭᠳᠡᠭᠦᠯᠵᠦ ᠪᠠᠶᠢᠨᠠ᠃ | ᠨᠡᠶᠢᠲᠡᠯᠢᠭ ᠵᠢᠱᠢᠶᠡ ᠪᠠᠷ ᠳᠠᠶᠢᠴᠢᠯᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ | ᠪᠤᠢ᠃ ᠴᠡᠭ ᠢᠶᠠᠷ ᠱᠤᠭᠤᠮ ᠢ ᠳᠠᠶᠢᠴᠢᠯᠠᠬᠤ᠂ ᠱᠤᠭᠤᠮ ᠢᠶᠠᠷ ᠪᠥᠬᠦ ᠲᠠᠯᠠ ᠶᠢ ᠠᠬᠢᠭᠤᠯᠬᠤ ᠠᠷᠭᠠ ᠪᠠᠷ ᠤᠳᠤᠷᠢᠳᠬᠤ | ᠪᠠᠭ ᠨᠢ ᠴᠢᠳᠠᠪᠥᠷᠢ ᠲᠠᠢ᠂ ᠠᠵᠢᠯ ᠨᠢ ᠵᠢᠷᠤᠮᠵᠢᠯ ᠲᠠᠢ᠂ ᠦᠷᠡ ᠠᠰᠢᠭ ᠨᠢ ᠰᠠᠶᠢᠨ ᠨᠢᠭᠡ ᠪᠦᠯᠦᠭ ᠨᠡᠶᠢᠲᠡᠯᠢᠭ ᠵᠢᠱᠢᠶᠡ ᠶᠢ | ᠤᠷᠢᠳ ᠢᠶᠠᠷ ᠱᠤᠭᠤᠵᠥ᠂ ᠭᠠᠴᠠᠭᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ ᠡᠷᠬᠢᠯᠡᠭᠰᠡᠨ | ᠬᠤᠷᠰᠢᠶᠠ ᠶᠢᠨ ᠲᠦᠷᠭᠡᠨ ᠬᠥᠭᠵᠢᠯᠲᠠ ᠶᠢ ᠳᠠᠶᠢᠴᠢᠯᠠᠵᠤ᠂ ᠢᠯᠡ ᠲᠣᠳᠣ ᠤᠳᠤᠷᠢᠳᠤᠮᠵᠢ ᠶᠢᠨ ᠴᠢᠨᠠᠷ ᠲᠠᠢ ᠪᠦᠭᠡᠳ ᠭᠦᠨ | ᠵᠤᠵᠠᠭᠠᠨ ᠬᠠᠮᠳᠤ ᠪᠠᠷ ᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠡᠢ᠃ ᠣᠳᠣ ᠲᠤᠰ ᠬᠤᠲᠠ ᠶᠢᠨ 91 ᠰᠤᠮᠤ ᠰᠢᠶᠠᠩ | ᠪᠠᠯᠭᠠᠰᠤ᠂ 4 ᠲᠠᠷᠢᠶᠠᠯᠠᠩ ᠲᠠᠢ ᠬᠤᠯᠪᠣᠭᠳᠠᠬᠤ ᠵᠡᠭᠡᠯᠢ ᠭᠤᠳᠤᠮᠵᠢ᠂ 384 ᠳᠠᠷᠢᠵᠤ ᠲᠡᠵᠢᠬᠡᠬᠦ ᠬᠤᠷᠰᠢᠶᠠ ᠪᠠᠶᠢᠭᠤᠯᠵᠥ᠂ ᠲᠤᠰ | ᠬᠤᠲᠠ ᠶᠢᠨ 50% ᠠᠴᠠ ᠳᠡᠭᠡᠭᠰᠢᠬᠢ ᠭᠠᠴᠠᠭᠠ ᠲᠣᠰᠬᠤᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ | ᠡᠷᠭᠢᠯᠡᠭᠰᠡᠨ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠ ᠲᠠᠢ ᠪᠤᠯᠪᠠ᠃ 2022 ᠤᠨ ᠪᠣᠯᠬᠤ ᠳᠤ ᠲᠤᠰ ᠬᠤᠲᠠ ᠶᠢᠨ | 2103 ᠭᠠᠴᠠᠭᠠ ᠲᠣᠰᠬᠤᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ ᠡᠷᠬᠢᠯᠡᠭᠰᠡᠨ ᠮᠠᠯᠴᠢᠨ ᠲᠠᠷᠢᠶᠠᠴᠢᠨ ᠤ | ᠲᠤᠰᠬᠠᠢ ᠬᠤᠷᠰᠢᠶᠠ ᠶᠢ ᠪᠦᠷᠬᠦᠭᠦᠯᠵᠦ᠂ ᠨᠠᠮ ᠤᠨ ᠪᠠᠶᠢᠭᠤᠯᠤᠯᠲᠠ ᠪᠠᠷ ᠠᠷᠠᠳ ᠢ ᠪᠠᠶᠠᠵᠢᠭᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭᠠ ᠶᠢ ᠬᠡᠷᠡᠭᠵᠢᠭᠦᠯᠬᠦ ᠳᠤ ᠰᠠᠭᠤᠷᠢ ᠲᠠᠯᠪᠢᠬᠤ ᠪᠠᠷ ᠴᠢᠷᠮᠠᠶᠢᠵᠤ ᠪᠠᠶᠢᠨᠠ᠃ | |