| ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠣᠢ | ᠪᠣᠯᠤᠨᠠ᠃ ᠬᠥᠷ ᠬᠥᠭᠵᠢᠶᠡᠨ ᠲᠠᠢ᠂ ᠪᠠᠶᠠᠷ ᠪᠠᠶᠠᠰᠬᠤᠯᠠᠩ ᠲᠠᠢ᠂ ᠪᠦᠯᠬᠦᠮᠳᠡᠯ ᠲᠠᠢ᠂ ᠳᠠᠪᠰᠢᠯᠲᠠ ᠲᠠᠢ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠤᠨ | ᠲᠤᠭ ᠤᠨ ᠲᠠᠨᠢᠯᠲᠠ ᠪᠣᠯᠤᠨ ᠤᠯᠤᠰ ᠭᠡᠷ ᠤᠨ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠰᠬᠦᠯᠡᠩᠲᠦ | ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ | ᠣᠮᠤᠭ ᠵᠣᠷᠢᠭ ᠢ ᠬᠦᠭᠵᠢᠭᠡᠬᠦ ᠶᠢᠨ ᠲᠦᠯᠦᠭᠡ᠂ ᠤᠯᠤᠰ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠ ᠶᠢᠨ ᠤᠬᠠᠭᠤᠯᠬᠤ ᠬᠡᠯᠲᠡᠰ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠯᠪᠠᠨ ᠭᠡᠷ ᠠᠴᠠ ᠨᠡᠶᠢᠭᠡᠮ ᠤᠨ ᠡᠯᠡ ᠡᠲᠡᠭᠡᠳ ᠢ ᠲᠥᠪ ᠴᠢᠩᠭᠠ ᠪᠠᠷ ᠤᠷᠢᠶᠠᠯᠠᠵᠦ ᠪᠤᠢ᠄ | | ᠨᠢᠭᠡ᠂ ᠤᠯᠤᠰ ᠤᠨ ᠲᠤᠭ ᠪᠣᠯ ᠤᠯᠤᠰ ᠤᠨ ᠳᠦᠷᠢ ᠳᠦᠷᠬᠦ ᠪᠠ ᠰᠢᠨᠵᠢ ᠲᠡᠮᠳᠡᠭ ᠮᠦᠨ᠂ ᠤᠯᠤᠰ ᠤᠨ ᠡᠷᠬᠡ ᠮᠡᠳᠡᠯ | ᠪᠠ ᠨᠡᠷᠡ ᠬᠦᠨᠳᠦ ᠶᠢ ᠢᠯᠡᠷᠡᠭᠦᠯᠵᠦ᠂ ᠤᠯᠤᠰ ᠤᠨ ᠲᠤᠭ ᠢᠶᠠᠨ ᠬᠠᠶᠢᠷᠠᠯᠠᠬᠤ ᠨᠢ ᠡᠬᠡ ᠤᠯᠤᠰ ᠢᠶᠠᠨ ᠬᠠᠶᠢᠷᠠᠯᠠᠵᠦ ᠪᠠᠶᠢᠬᠤ ᠲᠠᠢ | ᠲᠡᠩᠴᠡᠨᠡ᠃ ᠡᠯᠡ ᠱᠠᠲᠤᠨ ᠤ ᠨᠠᠮ ᠵᠠᠰᠠᠭ ᠴᠡᠷᠢᠭ ᠤᠨ ᠪᠠᠶᠢᠭᠤᠯᠭᠠ᠂ ᠠᠵᠦ ᠦᠢᠯᠡᠰ ᠤᠨ ᠨᠢᠭᠡᠴᠢ᠂ ᠰᠢᠶᠠᠩ ᠪᠠᠯᠭᠠᠰᠤ | ᠰᠤᠮᠤ᠂ ᠰᠤᠷᠭᠠᠭᠤᠯᠢ ᠴᠡᠴᠡᠷᠯᠢᠭ᠂ ᠰᠠᠭᠤᠭᠠᠯᠢ ᠠᠷᠠᠳ ᠤᠨ ᠲᠤᠭᠤᠷᠢᠭ᠂ ᠬᠤᠳᠠᠯᠳᠤᠭᠠ ᠳᠡᠯᠭᠡᠭᠦᠷ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ ᠶᠢᠨ ᠲᠤᠭᠳᠠᠭᠠᠯ ᠶᠤᠰᠤᠭᠠᠷ᠂ ᠪᠤᠳᠠᠳᠤ | ᠠᠵᠢᠯᠯᠠᠭᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠤᠢ ᠶᠢ | ᠪᠡᠯᠭᠡᠯᠡᠵᠦ᠂ ᠠᠰᠢᠭᠲᠠᠢ ᠨᠦᠭᠦᠴᠡᠯ ᠢᠶᠠᠨ ᠭᠦᠢᠴᠡᠳ ᠠᠰᠢᠭᠯᠠᠵᠤ᠂ ᠤᠯᠤᠰ ᠤᠨ ᠲᠤᠭ ᠢᠶᠠᠨ ᠢᠳᠡᠪᠬᠢᠳᠡᠢ ᠡᠯᠭᠦᠵᠦ᠂ ᠬᠠᠮᠤᠭ ᠤᠨ | ᠴᠢᠩ ᠰᠡᠳᠬᠢᠯ᠂ ᠬᠠᠮᠤᠭ ᠤᠨ ᠢᠳᠡᠪᠬᠢᠳᠡᠢ ᠠᠵᠢᠯᠯᠠᠭᠠ ᠪᠠᠷ ᠢᠶᠠᠨ ᠡᠬᠡ ᠤᠯᠤᠰ ᠲᠠᠭᠠᠨ ᠡᠷᠭᠦᠬᠦ ᠬᠠᠯᠠᠭᠤᠨ ᠬᠠᠶᠢᠷᠠ᠂ | ᠤᠯᠤᠰ ᠤᠨ ᠲᠤᠭ ᠲᠠᠭᠠᠨ ᠳᠡᠪᠰᠢᠬᠦᠯᠬᠦ ᠬᠦᠨᠳᠦᠳᠭᠡᠯ ᠢᠶᠠᠨ ᠢᠯᠡᠷᠭᠡᠶᠢᠯᠡᠶᠡ ︕ | | ᠬᠤᠶᠠᠷ᠂ ᠪᠦᠭᠦᠳᠠ ᠨᠠᠢᠷᠠᠮᠳᠠᠬᠤ ᠳᠤᠮᠳᠠᠳᠤ ᠠᠷᠠᠣᠠ ᠤᠯᠣᠰ ᠤᠨ ᠤᠯᠤᠰ ᠤᠨ ᠲᠤᠭ ᠤᠨ ᠬᠠᠤᠯᠢ ᠶᠢᠨ | ᠲᠣᠭᠲᠠᠭᠠᠯ ᠢ ᠦᠠᠳᠣᠰᠣᠯᠠᠠ᠂ ᠡᠷᠬᠡᠪᠰᠢ ᠬᠠᠤᠯᠢ ᠶᠣᠰᠣᠭᠠᠷ ᠤᠯᠣᠰ ᠤᠨ ᠲᠤᠭ ᠢ ᠬᠡᠷᠡᠭᠯᠡᠨ᠂ ᠤᠯᠣᠰ ᠤᠨ ᠲᠤᠭ ᠤᠨ ᠪᠠᠶᠢᠷᠢ ᠶᠢ | ᠪᠤᠰᠤᠳ ᠲᠤᠭ ᠠᠴᠠ ᠳᠣᠣᠷᠠ ᠪᠠᠶᠢᠯᠭᠠᠵᠤ ᠪᠣᠯᠬᠤ ᠦᠬᠡᠢ᠂ ᠦᠭᠡᠷᠡ ᠪᠤᠰᠤᠳ ᠡᠳ᠋ ᠪᠣᠳᠠᠰ ᠢᠶᠠᠷ ᠬᠠᠯᠬᠠᠯᠠᠵᠤ ᠪᠤᠯᠬᠤ ᠦᠬᠡᠢ᠂ | ᠰᠣᠯᠪᠢᠴᠠᠨ ᠡᠯᠭᠦᠬᠦ᠂ ᠭᠤᠯᠳᠤ ᠪᠠᠷ ᠡᠯᠭᠦᠬᠦ ᠪᠤᠶᠤ ᠤᠯᠣᠰ ᠤᠨ ᠲᠤᠭ ᠢ ᠲᠤᠩᠭᠤᠷᠠᠭᠤᠯᠤᠨ ᠡᠯᠭᠦᠵᠤ ᠪᠤᠯᠬᠤ ᠦᠬᠡᠢ᠂ | ᠤᠯᠣᠰ ᠤᠨ ᠲᠤᠭ ᠢ ᠪᠤᠰᠤᠳ ᠲᠤᠭ ᠲᠠᠢ ᠰᠤᠯᠪᠢᠴᠠᠨ ᠡᠯᠭᠦᠵᠤ ᠪᠤᠯᠬᠤ ᠦᠭᠡᠢ᠂ ᠡᠯᠡᠭᠳᠡᠵᠤ ᠪᠤᠬᠢᠷᠳᠤᠭᠰᠠᠨ᠂ ᠥᠩᠭᠡ ᠨᠢ | ᠪᠠᠭᠤᠷᠠᠭᠰᠠᠨ ᠪᠤᠶᠤ ᠪᠠᠷᠢᠮᠵᠢᠶᠠ ᠳᠤ ᠨᠡᠶᠢᠴᠡᠬᠦ ᠦᠬᠡᠢ ᠤᠯᠣᠰ ᠤᠨ ᠲᠤᠭ ᠢ ᠡᠯᠭᠦᠬᠦ ᠪᠤᠶᠤ ᠬᠡᠷᠡᠭᠯᠡᠵᠤ ᠪᠤᠯᠬᠤ ᠦᠭᠡᠢ᠃ | | ᠭᠤᠷᠪᠠ᠂ ᠨᠡᠢᠭᠡᠮ ᠤᠨ ᠡᠯᠡ ᠡᠲᠡᠭᠡᠳ ᠤᠨ ᠬᠢᠨ ᠢᠳᠡᠪᠬᠢᠲᠡᠢ ᠪᠠᠷ ᠬᠥᠳᠡᠯᠦᠯᠴᠡᠨ᠂ ᠤᠯᠤᠰ ᠤᠨ ᠲᠤᠭ ᠢ ᠡᠯᠭᠦᠬᠦ ᠪᠠᠷ | ᠳᠠᠮᠵᠢᠨ᠂ ᠠᠭᠤᠤ ᠶᠡᠭᠡ ᠡᠬᠡ ᠤᠯᠤᠰ ᠲᠠᠭᠠᠨ ᠴᠢᠩ ᠰᠡᠳᠭᠢᠯ ᠤᠨ ᠢᠷᠦᠭᠡᠯ ᠵᠥᠩᠨᠡᠯ ᠢᠶᠠᠨ ᠳᠡᠪᠰᠢᠭᠦᠯᠵᠤ᠂ ᠪᠦᠬᠦ ᠣᠷᠣᠨ ᠤ | 2500 ᠲᠦᠮᠡᠨ ᠦᠨᠳᠦᠰᠦᠲᠡᠨ ᠨᠦᠭᠦᠳ ᠤᠨ ᠬᠦᠪᠡᠭᠦᠳ ᠦᠬᠢᠳ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ | ᠬᠠᠶᠢᠷᠠᠯᠠᠬᠤ ᠤᠶᠤᠨ ᠰᠠᠨᠠᠭᠠᠨ ᠤ ᠳᠦᠷᠢ ᠲᠦᠷᠬᠦ ᠪᠠᠨ ᠢᠯᠡᠷᠡᠭᠦᠯᠵᠦ᠂ ᠲᠠᠪᠤᠨ ᠣᠳᠣᠲᠤ ᠤᠯᠠᠭᠠᠨ ᠲᠤᠭ ᠢᠶᠠᠨ ᠥᠪᠥᠷ | ᠮᠣᠩᠭᠤᠯ ᠤᠨ ᠡᠬᠡ ᠭᠠᠵᠠᠷ ᠲᠤ ᠥᠨᠳᠥᠷ ᠮᠠᠨᠳᠤᠭᠤᠯᠵᠤ᠂ ᠪᠣᠯᠪᠠᠰᠤᠨ ᠤ ᠴᠡᠴᠡᠭ ᠢ ᠥᠪᠥᠷ ᠮᠣᠩᠭᠤᠯ ᠤᠨ ᠥᠨᠴᠥᠭ ᠪᠤᠯᠤᠩ | ᠪᠦᠷᠢ ᠳᠤ ᠳᠡᠯᠭᠡᠷᠡᠭᠦᠯᠦᠶᠡ᠃ | |