ᠤᠢᠢᠷᠠ ᠶᠢᠨ ᠡᠳᠦᠷ᠂ ᠤᠯᠤᠰ ᠤᠨ ᠤᠢ ᠰᠢᠭᠤᠢ ᠪᠤᠯᠤᠨ ᠲᠠᠯᠠ ᠨᠤᠳᠤᠭ ᠤᠨ ᠲᠤᠪᠴᠢᠶᠠ ᠠᠴᠠ 2020 ᠤᠨ ᠤ | ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠢᠨᠠᠨ ᠰᠢᠯᠭᠠᠯᠳᠠ ᠶᠢᠨ ᠨᠡᠷᠡᠰ ᠢ ᠨᠡᠶᠢᠳᠡᠯᠡᠭᠰᠡᠨ ᠳᠤ᠂ ᠪᠤᠭᠤᠲᠤ ᠬᠤᠳᠠ ᠶᠢᠨ | ᠬᠦᠨᠳᠡᠯᠡᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠠᠭᠳᠠᠨ ᠤᠷᠤᠬᠰᠠᠨ ᠪᠠᠶᠢᠨᠠ᠃ | ᠪᠤᠭᠤᠲᠤ ᠬᠤᠳᠠ ᠶᠢᠨ ᠬᠦᠨᠳᠡᠯᠡᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠶᠡᠷᠦᠩᠬᠡᠢ | ᠲᠠᠯᠠᠪᠠᠢ ᠨᠢ 714.93 ᠡᠾᠧᠺᠲ᠋ᠠᠷ᠃ ᠲᠤᠰ ᠨᠤᠭᠤ ᠭᠠᠵᠠᠷ ᠤᠨ ᠴᠡᠴᠡᠷᠯᠢᠭ ᠨᠢ ᠨᠤᠭᠤ ᠭᠠᠵᠠᠷ ᠤᠨ ᠤᠰᠤᠨ ᠰᠢᠰᠲ᠋ᠧᠮ | ᠪᠤᠯᠤᠨ ᠴᠡᠴᠡᠷᠯᠢᠭ ᠬᠦᠷᠢᠶᠡᠯᠡᠩ ᠤᠨ ᠦᠵᠡᠮᠵᠢ ᠪᠠᠷ ᠭᠤᠤᠯ ᠲᠦᠯᠦᠪᠵᠢᠬᠦᠯᠭᠡ ᠶᠢᠨ ᠤᠨᠤᠯᠵᠢᠬᠤᠨ ᠪᠤᠯᠭᠠᠵᠦ᠂ ᠭᠤᠤᠯᠳᠠᠭᠤ | ᠨᠢᠭᠡ ᠪᠦᠰᠡ᠂ ᠬᠤᠶᠠᠷ ᠡᠷᠬᠢ᠂ ᠭᠤᠷᠪᠠᠨ ᠲᠤᠭᠤᠷᠢᠭ᠂ ᠲᠦᠷᠪᠡᠨ ᠴᠡᠭ ᠤᠨ ᠦᠵᠡᠮᠵᠢ ᠶᠢᠨ ᠰᠢᠰᠲ᠋ᠧᠮ ᠢ | ᠪᠦᠷᠢᠯᠳᠤᠬᠦᠯᠦᠭᠰᠡᠨ ᠪᠠᠶᠢᠨᠠ᠃ ᠡᠭᠦᠨ ᠳᠤ᠂ ᠨᠢᠭᠡ ᠪᠦᠰᠡ ᠨᠢ ᠪᠤᠭᠤᠲᠤ ᠬᠤᠳᠠ ᠶᠢᠨ ᠪᠠᠷᠠᠭᠤᠨ ᠵᠠᠬᠠ ᠳᠤ ᠡᠮᠦᠨᠡᠰᠢ | ᠤᠮᠠᠷᠠᠰᠢ ᠰᠤᠨᠳᠠᠯᠠᠬᠰᠠᠨ ᠬᠦᠨᠳᠡᠯᠡᠨ ᠭᠤᠤᠯ ᠤᠨ ᠦᠵᠡᠮᠦᠷᠢ ᠶᠢᠨ ᠭᠤᠤᠯ ᠢ ᠵᠢᠭᠠᠵᠤ᠂ ᠬᠤᠶᠠᠷ ᠡᠷᠬᠢ ᠨᠢ ᠲᠤᠰ ᠭᠤᠤᠯ ᠤᠨ | ᠬᠤᠶᠠᠷ ᠡᠷᠬᠢ ᠶᠢᠨ ᠨᠤᠭᠤᠭᠠᠷᠠᠭᠤᠯᠤᠯᠳᠠ ᠶᠢᠨ ᠲᠠᠯᠠᠪᠠᠢ ᠪᠤᠯᠤᠨ ᠴᠡᠴᠡᠷᠯᠢᠭ ᠬᠦᠷᠢᠶᠡᠯᠡᠩ ᠤᠨ ᠦᠵᠡᠮᠵᠢ ᠶᠢ ᠵᠢᠭᠠᠵᠦ᠂ | ᠭᠤᠷᠪᠠᠨ ᠲᠤᠭᠤᠷᠢᠭ ᠨᠢ ᠨᠤᠭᠤ ᠭᠠᠵᠠᠷ ᠤᠨ ᠴᠡᠴᠡᠷᠯᠢᠭ ᠲᠤ ᠪᠠᠶᠢᠷᠢᠰᠢᠭᠤᠯᠤᠬᠰᠠᠨ ᠭᠤᠷᠪᠠᠨ ᠠᠳᠠᠯᠢ ᠪᠤᠰᠤ ᠶᠢᠨ ᠭᠤᠤᠯ | ᠰᠡᠳᠤᠪᠳᠤ ᠦᠵᠡᠮᠵᠢ ᠶᠢᠨ ᠲᠤᠭᠤᠷᠢᠭ ᠢ ᠵᠢᠭᠠᠨ᠂ ᠲᠦᠷᠪᠡᠨ ᠴᠡᠭ ᠨᠢ ᠡᠳᠡᠭᠡᠷ ᠦᠵᠡᠮᠵᠢ ᠶᠢᠨ ᠲᠤᠭᠤᠷᠢᠭ ᠤᠨ | ᠬᠤᠭᠤᠷᠤᠨᠳᠤᠬᠢ ᠦᠪᠡᠷᠮᠢᠴᠡ ᠤᠨᠴᠠᠯᠢᠬᠳᠤ ᠬᠤᠯᠪᠤᠭᠠᠰᠤ ᠴᠡᠭ ᠢ ᠵᠢᠭᠠᠵᠦ ᠪᠠᠶᠢᠨᠠ᠃ | 2020 ᠤᠨ ᠤ 10 ᠰᠠᠷᠠ ᠪᠤᠯᠳᠠᠯᠠ᠂ ᠲᠤᠰ ᠨᠤᠭᠤ ᠭᠠᠵᠠᠷ ᠤᠨ ᠴᠡᠴᠡᠷᠯᠢᠭ ᠠᠴᠠ ᠤᠯᠤᠰ ᠤᠨ ᠨᠢᠭᠡᠳᠦᠭᠡᠷ | ᠲᠠᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠠᠮᠢᠳᠠᠨ ᠪᠤᠯᠬᠤ 4 ᠬᠠᠷᠠ ᠦᠷᠪᠢ ᠲᠡᠰ ᠢ ᠢᠯᠡᠷᠡᠭᠦᠯᠦᠭᠰᠡᠨ ᠮᠦᠷᠳᠡᠭᠡᠨ ᠬᠡᠳᠦᠨ | ᠵᠠᠭᠤᠨ ᠬᠤᠨ ᠭᠠᠯᠠᠭᠤ᠂ ᠴᠠᠭᠠᠨ ᠲᠡᠭᠡᠯᠢ ᠵᠡᠷᠭᠡ ᠤᠯᠤᠰ ᠤᠨ ᠬᠤᠶᠠᠳᠤᠭᠠᠷ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ | ᠠᠮᠢᠳᠠᠨ ᠢ ᠢᠯᠡᠷᠡᠭᠦᠯᠦᠭᠰᠡᠨ ᠪᠠᠶᠢᠨᠠ᠃ | |