| ᠰᠢᠨᠬᠤᠸᠠ ᠬᠤᠷᠢᠶᠠᠨ ᠤ ᠪᠷᠦ᠋ᠰᠧᠯ ᠤᠨ 7 ᠰᠠᠷᠠ ᠶᠢᠨ 22 ᠤᠨ ᠴᠠᠬᠢᠯᠭᠠᠨ ᠮᠡᠳᠡᠭᠡ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭᠠ ᠶᠢᠨ ᠵᠦᠪᠯᠡᠯ ᠤᠨ ᠦᠭᠦᠯᠡᠭᠴᠢ 22 ᠤᠨ ᠡᠳᠦᠷ᠂ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭᠠ ᠶᠢᠨ ᠬᠠᠭᠠᠰ ᠢᠯᠡᠭᠦᠦ ᠲᠤᠭᠠᠨ ᠤ ᠨᠠᠰᠤᠨ ᠳᠤ ᠬᠦᠷᠦᠭᠰᠡᠳ ᠰᠢᠨᠡ ᠲᠢᠳᠢᠮᠯᠢᠭ ᠸᠢᠷᠦ᠋ᠰ ᠤᠨ ᠸᠠᠺᠼᠢᠨ ᠤ | ᠲᠠᠷᠢᠯᠭᠠ ᠶᠢ ᠲᠠᠷᠢᠵᠠᠢ ᠭᠡᠵᠦ ᠬᠡᠯᠡᠪᠡ᠃ | | ᠲᠤᠬᠠᠢ ᠶᠢᠨ ᠡᠳᠦᠷ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭᠠ ᠶᠢᠨ ᠵᠦᠪᠯᠡᠯ ᠤᠨ ᠦᠭᠦᠯᠡᠭᠴᠢ | ᠳ᠋ᠠᠨᠠ·ᠰᠫᠧᠨᠠᠨᠲ᠂ ᠡᠸᠦ᠋ᠷᠦᠫᠡ ᠲᠢᠪ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠬᠠᠮᠤᠭ ᠤᠨ ᠰᠢᠨᠡ ᠲᠤᠭᠠ | ᠪᠠᠷᠢᠮᠳᠠ ᠶᠢ ᠦᠨᠳᠦᠰᠦᠯᠡᠪᠡᠯ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭᠠ ᠶᠢᠨ 54.7% ᠨᠠᠰᠤᠨ ᠳᠤ ᠬᠦᠷᠦᠭᠰᠡᠳ | 2 ᠳ᠋ᠦᠩᠰᠢᠭᠤᠷ ᠬᠦᠮᠦᠨ ᠢ ᠲᠠᠪᠠᠵᠠᠢ ᠨᠢᠭᠡᠨᠳᠡ ᠬᠤᠶᠠᠷ ᠤᠳᠠᠭᠠ ᠰᠢᠨᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭᠠ ᠶᠢ | ᠬᠢᠭᠰᠡᠨ ᠪᠠ ᠨᠢᠭᠡ ᠤᠳᠠᠭᠠ ᠶᠢᠨ ᠴᠢᠶᠠᠩ ᠱᠧᠩ ᠰᠢᠨᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭᠠ ᠶᠢ ᠬᠢᠵᠠᠢ᠂ | 68.4% ᠨᠠᠰᠤᠨ ᠳᠤ ᠬᠦᠷᠦᠭᠰᠡᠳ ᠠᠳᠠᠭ ᠲᠠᠭᠠᠨ ᠨᠢᠭᠡ ᠤᠳᠠᠭᠠ ᠰᠢᠨᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭᠠ ᠶᠢ | ᠬᠢᠵᠠᠢ᠃ ᠮᠡᠳᠡᠭᠡᠯᠡᠭᠰᠡᠨ ᠢᠶᠠᠷ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭᠠ ᠶᠢᠨ ᠵᠦᠪᠯᠡᠯ ᠤᠨ ᠬᠠᠷᠠᠯᠳᠠ ᠪᠤᠯ ᠡᠨᠡ | ᠵᠢᠯ ᠤᠨ ᠵᠤᠨ ᠪᠤᠯᠳᠠᠯᠠ ᠠᠳᠠᠭ ᠲᠠᠭᠠᠨ 70 % ᠨᠠᠰᠤᠨ ᠳᠤ ᠬᠦᠷᠦᠭᠰᠡᠳ ᠲᠤ ᠰᠢᠨᠡ ᠲᠢᠳᠢᠮᠯᠢᠭ ᠸᠢᠷᠦ᠋ᠰ ᠤᠨ ᠸᠠᠺᠼᠢᠨ ᠤ | ᠲᠠᠷᠢᠯᠭᠠ ᠶᠢ ᠬᠢᠵᠦ᠂ ᠡᠭᠦᠨ ᠤ ᠤᠯᠠᠮ ᠢᠶᠠᠷ ᠰᠦᠷᠦᠭᠵᠢᠯ ᠤᠨ ᠴᠠᠷᠤᠯᠳᠠ ᠶᠢ ᠪᠤᠢ ᠪᠤᠯᠭᠠᠨᠠ᠃ | |