| ᠲᠦᠷᠭᠡᠨ ᠤ ᠵᠠᠰᠠᠮᠠᠯ ᠵᠠᠮ ᠤᠨ ᠬᠠᠷᠢᠯᠴᠠᠨ ᠨᠡᠪᠲᠡᠷᠡᠬᠦ ᠦᠷᠡ ᠪᠦᠲᠦᠮᠵᠢ ᠶᠢ ᠳᠡᠭᠡᠭᠰᠢᠯᠡᠭᠦᠯᠦᠨ᠂ ᠲᠦᠷᠭᠡᠨ ᠤ ᠵᠠᠰᠠᠮᠠᠯ | ᠵᠠᠮ ᠢᠶᠠᠷ ᠶᠠᠪᠤᠵᠤ ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠶ᠋ᠯᠭᠡᠭᠡ ᠶᠢᠨ ᠦᠢᠯᠡᠰ ᠤᠨ ᠥᠪᠡᠷ ᠤᠨ | ᠥᠷᠲᠡᠭ ᠢ ᠪᠠᠭᠤᠷᠠᠭᠤᠯᠤᠨ ᠦᠷᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ 10 ᠰᠠᠷᠠ ᠶᠢᠨ 11 ᠤ | ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠲᠦᠷᠭᠡᠨ ᠤ ᠵᠠᠰᠠᠮᠠᠯ ᠵᠠᠮ ᠳᠤ | ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠦ᠋ᠷᠢᠮ ᠢ ᠬᠡᠷᠡᠭᠵᠢᠭᠦᠯᠬᠦ ᠪᠠᠷ ᠪᠠᠶᠢᠨᠠ᠃ | | ᠥᠪᠡᠷᠲᠡᠭᠡᠨ ᠵᠠᠰᠠᠬᠤ ᠣᠷᠣᠨ ᠤ ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠪᠠᠷᠢᠮᠵᠢᠶᠠ ᠶᠢᠨ ᠵᠦᠷᠢᠶᠡᠴᠢᠯᠡᠭᠰᠡᠨ | ᠰᠦᠢᠳᠬᠡᠯ ᠬᠤᠷᠢᠶᠠᠬᠤ ᠨᠢ ᠤᠳᠤ ᠶᠢᠨ ᠬᠡᠷᠡᠭᠵᠢᠭᠦᠯᠵᠦ ᠪᠠᠶᠢᠭᠠ ᠰᠦᠢᠳᠬᠡᠯ ᠬᠤᠷᠢᠶᠠᠬᠤ ᠪᠠᠷᠢᠮᠵᠢᠶᠠ ᠪᠠᠷ ᠰᠠᠭᠤᠷᠢ ᠪᠣᠯᠭᠠᠵᠤ᠂ | ᠵᠦᠷᠢᠶᠡᠵᠢᠬᠦᠯᠦᠨ ᠪᠠᠭᠤᠷᠠᠭᠤᠯᠬᠤ ᠵᠠᠷᠴᠢᠮ ᠢᠶᠠᠷ ᠰᠤᠳᠤᠯᠤᠨ ᠲᠣᠭᠲᠠᠭᠠᠨᠠ᠃ ᠲᠦᠷᠭᠡᠨ ᠤ ᠵᠠᠰᠠᠮᠠᠯ ᠵᠠᠮ ᠤᠨ ᠵᠥᠷᠢᠶᠡᠴᠢᠯᠡᠭᠰᠡᠨ | ᠰᠦᠢᠳᠬᠡᠯ ᠬᠤᠷᠢᠶᠠᠬᠤ ᠲᠤᠷᠰᠢᠯᠲᠠ ᠶᠢᠨ ᠲᠤᠷᠰᠢᠨ ᠬᠡᠷᠡᠭᠵᠢᠭᠦᠯᠬᠦ ᠬᠤᠭᠤᠴᠠᠭᠠ 2021 ᠣᠨ ᠤ 10 ᠰᠠᠷᠠ ᠶᠢᠨ 11 ᠤ | ᠡᠳᠦᠷ ᠠᠴᠠ ᠡᠬᠢᠯᠡᠨ 2022 ᠣᠨ ᠤ 12 ᠰᠠᠷᠠ ᠶᠢᠨ 31 ᠤ ᠡᠳᠦᠷ ᠳᠠᠭᠤᠰᠤᠨᠠ᠃ ETC ᠪᠠᠷ ᠨᠡᠪᠲᠡᠷᠡᠬᠦ ᠲᠡᠷᠭᠡ ᠶᠢᠨ | ᠪᠣᠳᠠᠲᠠᠶ ᠲᠡᠷᠭᠡᠨ ᠤ ᠬᠡᠯᠪᠡᠷᠢ ᠨᠢ ᠺᠤᠮᠫᠢᠦ᠋ᠲ᠋ᠧᠷ ᠲᠤ ᠳᠠᠩᠰᠠᠯᠠᠭᠤᠯᠤᠭᠰᠠᠨ ᠲᠡᠷᠭᠡᠨ ᠤ ᠬᠡᠯᠪᠡᠷᠢ ᠲᠠᠢ ᠠᠳᠠᠯᠢ ᠪᠠᠶᠢᠬᠤ ᠬᠡᠷᠡᠭᠲᠡᠶ᠂ | ᠦᠭᠡᠢ ᠪᠣᠯ ᠶᠠᠮᠠᠷ ᠴᠤ ᠵᠠᠮ ᠤᠨ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭᠠ ᠶᠢ ᠬᠦᠷᠲᠡᠬᠦ ᠦᠭᠡᠢ᠃ ᠲᠣᠰ | ᠤᠳᠠᠭᠠᠨ ᠤ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠬᠤᠭᠤᠴᠠᠭᠠ ᠲᠤᠯᠤᠭᠰᠠᠨ ᠤ ᠳᠠᠷᠠᠭᠠ᠂ | ᠡᠯᠡ ᠡᠵᠡᠩᠨᠡᠯᠲᠡ ᠶᠢᠨ ᠨᠢᠭᠡᠴᠢ ᠪᠣᠳᠠᠲᠠᠶ ᠲᠠᠢ ᠪᠠᠨ ᠤᠶᠠᠯᠳᠤᠭᠤᠯᠤᠨ ᠠᠵᠢᠯᠯᠠᠭᠠᠨ ᠤ ᠪᠠᠶᠢᠳᠠᠯ ᠢᠶᠠᠨ ᠬᠥᠳᠡᠯᠦᠩᠭᠦᠶ ᠪᠠᠷ ᠵᠠᠳᠠᠯᠤᠨ | ᠦᠨᠡᠯᠡᠨ ᠵᠢᠱᠢᠬᠦ ᠶᠢᠨ ᠬᠠᠮᠲᠤ᠂ ᠵᠠᠮ ᠬᠠᠷᠢᠯᠴᠠᠭᠠ ᠲᠡᠭᠡᠭᠡᠪᠦᠷᠢ ᠶᠢᠨ ᠶᠠᠮᠤᠨ ᠤ ᠱᠠᠭᠠᠷᠳᠠᠯᠭᠠ ᠶᠢ ᠦᠨᠳᠦᠰᠦᠯᠡᠨ᠂ ᠬᠠᠮᠢᠶᠠ | ᠪᠥᠬᠦᠶ ᠲᠥᠷᠥ ᠶᠢᠨ ᠪᠣᠳᠣᠯᠭᠠ ᠶᠢᠨ ᠠᠷᠭᠠ ᠬᠡᠮᠵᠢᠶᠡ ᠶᠢ ᠲᠠᠰᠤᠷᠠᠯᠲᠠ ᠥᠬᠡᠶ ᠳᠣᠭᠢᠷᠠᠭᠤᠯᠤᠨ ᠲᠡᠭᠦᠯᠳᠡᠷᠵᠢᠭᠦᠯᠵᠦ᠂ ᠲᠦᠷᠭᠡᠨ ᠤ | ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠠᠵᠢᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠥᠨᠳᠥᠷ | ᠦᠷᠡ ᠪᠦᠲᠦᠮᠵᠢᠲᠡᠶ ᠪᠠᠷ ᠵᠢᠷᠤᠮᠵᠢᠭᠤᠯᠤᠨ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | | ᠣᠳᠣᠬᠠᠨ ᠳᠠᠭᠠᠨ᠂ G55 ᠡᠷᠢᠶᠡᠨ ᠠᠴᠠ ᠭᠤᠸᠠᠩᠵᠧᠦ ᠬᠥᠷᠬᠦ ᠲᠦᠷᠭᠡᠨ ᠤ ᠵᠠᠰᠠᠮᠠᠯ ᠵᠠᠮ ᠤᠨ ᠰᠠᠶᠢᠬᠠᠨᠲᠠᠯᠠ ᠠᠴᠠ | ᠪᠠᠶᠠᠨᠴᠠᠭᠠᠨ ᠬᠥᠷᠬᠦ ᠬᠡᠰᠡᠭ ᠬᠢᠭᠡᠳ G1013 ᠱᠠᠩᠬᠠᠶ ᠠᠴᠠ ᠴᠢᠭᠤᠯᠤᠯᠲᠤ ᠬᠠᠭᠠᠯᠭᠠ ᠬᠥᠷᠬᠦ ᠲᠦᠷᠭᠡᠨ ᠤ ᠵᠠᠰᠠᠮᠠᠯ ᠵᠠᠮ ᠤᠨ | ᠰᠢᠯᠢᠩᠬᠤᠲᠠ ᠠᠴᠠ ᠭᠤᠷᠪᠠᠳᠤᠭᠠᠷ ᠨᠣᠮᠧᠷ ᠬᠥᠷᠬᠦ ᠬᠡᠰᠡᠭ ᠢ ᠲᠤᠷᠰᠢᠯᠳᠠ ᠶᠢᠨ ᠴᠡᠭ ᠢᠶᠠᠷ ᠲᠤᠬᠳᠠᠪᠠ᠃ | |