| ᠤᠢᠢᠷᠠ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ | ᠪᠡᠯᠴᠢᠭᠡᠷ ᠤᠨ ᠰᠤᠳᠤᠯᠭᠠᠨ ᠤ ᠭᠠᠵᠠᠷ ᠤᠨ ᠰᠠᠭᠠᠯᠢᠴᠢᠨ ᠲᠠᠷᠢᠮᠠᠯ ᠤᠨ ᠰᠠᠭᠤᠷᠢᠨ ᠳᠤ ᠰᠢᠨᠡ ᠪᠠᠷ ᠰᠤᠳᠤᠯᠤᠨ ᠦᠢᠯᠡᠳᠦᠭᠰᠡᠨ | ᠬᠢᠶᠠᠭ ᠡᠪᠡᠰᠦᠨ ᠤ ᠦᠷᠡ ᠶᠢ ᠰᠠᠯᠭᠠᠵᠦ ᠬᠤᠷᠢᠶᠠᠬᠤ ᠲᠤᠰᠬᠠᠶ ᠮᠠᠰᠢᠨ ᠠᠰᠢᠬᠯᠠᠯᠳᠠ ᠳᠤ ᠤᠷᠤᠵᠤ᠂ ᠬᠢᠶᠠᠭ ᠡᠪᠡᠰᠦᠨ ᠤ | ᠦᠷᠡ ᠶᠢ ᠰᠠᠯᠭᠠᠵᠦ ᠬᠤᠷᠢᠶᠠᠬᠤ ᠦᠷᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠬᠦᠯᠦᠨ᠂ ᠥᠩᠭᠡᠷᠡᠭᠰᠡᠨ ᠤ | ᠮᠠᠰᠢᠨᠴᠢᠯᠠᠭᠰᠠᠨ ᠬᠤᠷᠢᠶᠠᠯᠲᠠ ᠶᠢᠨ ᠶᠠᠪᠤᠴᠠ ᠳᠠᠬᠢ ᠬᠤᠬᠢᠷᠠᠯ ᠦᠨᠳᠦᠷ᠂ ᠬᠤᠯᠢᠴᠠ ᠤᠯᠠᠨ ᠵᠡᠷᠭᠡ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠬᠢᠭᠡᠳ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ | ᠵᠠᠩᠭᠢᠯᠠᠭᠠ ᠶᠢᠨ ᠮᠡᠷᠭᠡᠵᠢᠯ ᠪᠠ ᠲᠦᠭᠦᠭᠡᠷᠦᠮᠵᠢ ᠶᠢᠨ ᠰᠤᠳᠤᠯᠭᠠᠨ ᠤ ᠰᠢᠨᠡ ᠰᠢᠪᠳᠤᠯᠤᠯᠳᠠ ᠶᠢ ᠪᠡᠶᠡᠯᠡᠬᠦᠯᠪᠡ᠃ | | ᠤᠯᠤᠰ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠠᠵᠢᠯ ᠤᠨ ᠪᠠᠶᠢᠷᠢ ᠶᠢᠨ | ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ | ᠪᠡᠯᠴᠢᠭᠡᠷ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠪᠦᠬᠡ ᠶᠢᠨ ᠲᠠᠨᠢᠯᠴᠠᠭᠤᠯᠤᠭᠰᠠᠨ ᠢᠶᠠᠷ᠂ ᠬᠢᠶᠠᠭ ᠡᠪᠡᠰᠦ ᠪᠣᠯ ᠦᠶᠡᠲᠦ | ᠤᠷᠭᠤᠮᠠᠯ ᠤᠨ ᠢᠵᠠᠭᠤᠷ ᠤᠨ ᠰᠢᠮᠡ ᠰᠠᠶᠢᠳᠠᠢ ᠲᠡᠵᠢᠭᠡᠯ ᠡᠪᠡᠰᠦ ᠪᠤᠯᠤᠨᠠ᠂ ᠮᠠᠨ ᠤ ᠤᠷᠤᠨ ᠤ ᠰᠢᠯᠢ ᠶᠢᠨ ᠭᠤᠤᠯ ᠠᠴᠠ | ᠬᠦᠯᠦᠨ ᠪᠤᠶᠢᠷ ᠬᠦᠷᠲᠡᠯᠡᠬᠢ ᠨᠤᠲᠤᠭ ᠪᠡᠯᠴᠢᠭᠡᠷ ᠤᠨ ᠭᠤᠤᠯ ᠪᠤᠯᠬᠤ ᠲᠡᠵᠢᠭᠡᠯ ᠡᠪᠡᠰᠦ ᠪᠠᠶᠢᠵᠤ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠰᠢᠰᠲ᠋ᠧᠮ ᠤᠨ ᠲᠤᠭᠲᠠᠭᠤᠨ ᠢ ᠪᠠᠲᠤᠯᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠵᠦᠢ ᠵᠤᠬᠢᠰᠲᠠᠢ | ᠠᠰᠢᠬᠯᠠᠬᠤ ᠳᠤ ᠴᠢᠬᠤᠯᠠ ᠦᠢᠯᠡᠳᠦᠯ ᠲᠠᠢ ᠪᠠᠶᠢᠳᠠᠭ᠂ ᠭᠡᠪᠡᠴᠦ ᠦᠷᠭᠡᠨ ᠬᠡᠪᠴᠢᠶᠡ ᠪᠠᠷ ᠳᠡᠯᠭᠡᠷᠡᠭᠦᠯᠦᠨ ᠲᠠᠷᠢᠭᠰᠠᠨ | ᠬᠤᠭᠤᠴᠠᠭᠠ ᠨᠡᠯᠢᠶᠡᠳ ᠣᠬᠤᠷ ᠪᠦᠭᠡᠳ ᠦᠷᠡ ᠬᠤᠷᠢᠶᠠᠬᠤ ᠲᠤᠰᠬᠠᠢ ᠮᠠᠰᠢᠨ ᠬᠠᠷᠠᠬᠠᠨ ᠦᠭᠡᠢ ᠪᠠᠶᠢᠭᠰᠠᠨ ᠠᠴᠠ ᠬᠦᠮᠦᠨ ᠤ | ᠬᠦᠴᠦ ᠪᠠᠷ ᠦᠷᠡ ᠬᠤᠷᠢᠶᠠᠬᠤ ᠦᠷᠡ ᠪᠦᠲᠦᠮᠵᠢ ᠳᠤᠤᠷᠠ᠂ ᠥᠪᠡᠷ ᠤᠨ ᠥᠷᠲᠡᠭ ᠥᠨᠳᠥᠷ ᠪᠠᠶᠢᠵᠠᠢ᠃ ᠤᠯᠠᠮᠵᠢᠯᠠᠯᠲᠤ ᠠᠮᠤ | ᠪᠤᠳᠠᠭᠠ ᠬᠤᠷᠢᠶᠠᠬᠤ ᠮᠠᠰᠢᠨ ᠢ ᠲᠦᠬᠦᠮᠭᠡᠨ ᠢᠶᠠᠷ ᠦᠭᠡᠷᠡᠴᠢᠯᠡᠨ ᠠᠰᠢᠬᠯᠠᠵᠤ ᠬᠤᠷᠢᠶᠠᠭᠰᠠᠨ ᠡᠪᠡᠰᠦᠨ ᠤ ᠦᠷᠡ ᠶᠢᠨ | ᠬᠤᠬᠢᠷᠠᠯ ᠨᠢ ᠴᠤ 30% ᠶᠢ ᠬᠡᠲᠦᠷᠡᠵᠦ᠂ ᠬᠤᠯᠢᠴᠠ ᠥᠨᠳᠤᠷ᠂ ᠬᠤᠷᠢᠶᠠᠯᠲᠠ ᠶᠢᠨ ᠦᠷᠡ ᠪᠦᠲᠦᠮᠵᠢ ᠲᠤᠩ ᠠᠨᠠᠢ ᠪᠠᠶᠢᠪᠠ | ᠭᠡᠯᠠ᠃ | | ᠡᠨᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠭᠠᠨ ᠤ ᠴᠢᠬᠤᠯᠠ ᠶᠡᠭᠡ ᠲᠦᠷᠦᠯ ᠵᠦᠢᠯ ᠪᠤᠯᠬᠤ —ᠨᠤᠲᠤᠭ ᠪᠡᠯᠴᠢᠭᠡᠷ ᠤᠨ ᠠᠮᠢ ᠠᠬᠤᠶ ᠶᠢ | ᠰᠡᠷᠭᠦᠭᠡᠬᠦ ᠪᠠ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠵᠠᠩᠭᠢᠯᠠᠭᠠ ᠶᠢᠨ ᠮᠡᠷᠭᠡᠵᠢᠯ ᠪᠤᠯᠤᠨ ᠲᠥᠬᠦᠭᠡᠷᠦᠮᠵᠢ ᠶᠢ | ᠰᠤᠳᠤᠯᠤᠨ ᠨᠡᠭᠡᠭᠡᠬᠦ ᠲᠥᠷᠥᠯ ᠵᠦᠢᠯ ᠤᠨ ᠳᠡᠮᠵᠢᠯᠭᠡ ᠪᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | ᠪᠠ ᠵᠧᠵᠢᠶᠠᠩ ᠮᠤᠵᠢ ᠶᠢᠨ ᠬᠤᠵᠧᠦ ᠬᠤᠲᠠ ᠶᠢᠨ ᠰᠢᠩ ᠭᠤᠸᠠᠩ ᠲᠠᠷᠢᠶᠠᠯᠠᠩ ᠤᠨ ᠮᠠᠰᠢᠨ ᠤ ᠬᠤᠪᠢ ᠤᠷᠤᠭᠤᠯᠤᠭᠰᠠᠨ | ᠬᠢᠵᠠᠭᠠᠷᠲᠤ ᠺᠤᠮᠫᠠᠨᠢ ᠨᠤᠭᠤᠳ ᠲᠠᠢ ᠬᠠᠮᠲᠤᠷᠠᠨ᠂ ᠮᠠᠰᠢᠨ ᠲᠣᠨᠣᠭᠯᠠᠯ ᠰᠤᠳᠤᠯᠤᠨ ᠨᠡᠭᠡᠭᠡᠬᠦ ᠰᠢᠨᠵᠢᠯᠡᠬᠦ ᠤᠬᠠᠭᠠᠨ ᠤ | ᠰᠤᠳᠤᠯᠭᠠᠨ ᠤ ᠪᠦᠯᠬᠦᠮ ᠢ ᠵᠣᠬᠢᠶᠠᠨ ᠪᠠᠶᠢᠭᠤᠯᠵᠤ᠂ ᠦᠷᠡ ᠪᠦᠳᠦᠮᠵᠢ ᠥᠨᠳᠥᠷ᠂ ᠬᠤᠬᠢᠷᠠᠯ ᠪᠠᠭᠠ᠂ ᠴᠢᠨᠡᠷ ᠰᠠᠶᠢᠳᠠᠢ | ᠦᠶᠡᠲᠦ ᠤᠷᠭᠤᠮᠠᠯ ᠤᠨ ᠢᠵᠠᠭᠤᠷ ᠪᠠ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦᠨ ᠤ ᠦᠷᠡ ᠶᠢ ᠬᠤᠷᠢᠶᠠᠬᠤ ᠲᠤᠰᠬᠠᠶ | ᠮᠡᠷᠭᠡᠵᠢᠯ ᠬᠢᠭᠡᠳ ᠲᠣᠨᠣᠭᠯᠠᠯ ᠢ ᠰᠤᠳᠤᠯᠤᠨ ᠨᠡᠭᠡᠭᠡᠭᠦ ᠵᠠᠮ ᠢᠶᠠᠷ ᠵᠠᠮᠨᠠᠬᠰᠠᠨ ᠪᠠᠶᠢᠵᠠᠢ᠃ | | ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠬᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ | ᠬᠢᠭᠰᠡᠨ ᠰᠠᠭᠤᠷᠢᠨ ᠳᠡᠭᠡᠷᠡ᠂ ᠦᠶᠡᠲᠦ ᠤᠷᠭᠤᠮᠠᠯ ᠤᠨ ᠢᠵᠠᠭᠤᠷ ᠤᠨ ᠴᠢᠨᠠᠷ ᠰᠠᠶᠢᠲᠠᠶ ᠲᠡᠵᠢᠭᠡᠯ ᠡᠪᠡᠰᠦ ᠬᠢᠶᠠᠭ ᠡᠪᠡᠰᠦ ᠪᠠᠷ | ᠥᠯᠢᠭᠡᠷ ᠵᠢᠱᠢᠶᠡ ᠪᠤᠯᠭᠠᠵᠤ᠂ ᠡᠪᠡᠰᠦ ᠪᠠ ᠦᠷᠡ ᠶᠢ ᠰᠠᠯᠭᠠᠵᠥ ᠵᠡᠷᠭᠡ ᠪᠠᠷ ᠬᠤᠷᠢᠶᠠᠬᠤ ᠮᠠᠰᠢᠨ ᠢ ᠡᠬᠦᠳᠴᠤ ᠬᠢᠶᠠᠭ | ᠡᠪᠡᠰᠦᠨ ᠤ ᠦᠷᠡ ᠶᠢ ᠬᠤᠷᠢᠶᠠᠬᠤ ᠶᠢᠨ ᠳᠠᠭᠠᠤ ᠳᠤ ᠡᠪᠡᠰᠦ ᠶᠢ ᠬᠠᠳᠤᠵᠤ᠂ ᠡᠪᠡᠰᠦ ᠪᠡᠯᠴᠢᠭᠡᠷ ᠢ ᠶᠡᠷᠦᠩᠬᠡᠶᠢᠯᠡᠨ ᠠᠰᠢᠬᠯᠠᠬᠤ ᠪᠠᠷ | ᠵᠤᠷᠢᠭ ᠰᠢᠭᠤᠳᠴᠠᠢ᠃ ᠰᠤᠳᠤᠯᠭᠠᠨ ᠤ ᠪᠦᠯᠬᠦᠮ ᠤᠨ ᠬᠢᠨ ᠬᠢᠶᠠᠭ ᠡᠪᠡᠰᠦᠨ ᠤ ᠦᠷᠡ ᠬᠤᠷᠢᠶᠠᠬᠤ ᠮᠡᠷᠭᠡᠵᠢᠯ ᠤᠨ ᠱᠠᠭᠠᠷᠳᠠᠯᠭᠠ | ᠬᠢᠭᠡᠳ ᠬᠢᠶᠠᠭ ᠡᠪᠡᠰᠦᠨ ᠤ ᠤᠨᠴᠠᠯᠢᠭ ᠢ ᠦᠨᠳᠦᠰᠦᠯᠡᠨ᠂ 2020 ᠤᠨ ᠳᠤ ᠨᠢᠭᠡᠳᠦᠭᠡᠷ ᠦᠶᠡ ᠶᠢᠨ ᠡᠪᠡᠰᠦ ᠪᠠ ᠦᠷᠡ ᠶᠢ | ᠰᠠᠯᠭᠠᠵᠥ ᠬᠠᠮᠲᠤ ᠳᠤᠨᠢ ᠬᠤᠷᠢᠶᠠᠬᠤ ᠮᠠᠰᠢᠨ ᠢ ᠰᠤᠳᠤᠯᠤᠨ ᠦᠢᠯᠡᠳᠦᠭᠰᠡᠨ ᠤ ᠬᠠᠮᠲᠤ᠂ ᠬᠤᠷᠢᠶᠠᠬᠤ ᠴᠢᠳᠠᠪᠤᠷᠢ ᠶᠢᠨ ᠲᠤᠬᠠᠢ | ᠤᠯᠠᠨ ᠤᠳᠠᠭᠠᠨ ᠤ ᠲᠤᠷᠰᠢᠯᠲᠠ ᠬᠢᠬᠦ ᠪᠠᠷ ᠳᠠᠮᠵᠢᠨ᠂ ᠬᠠᠳᠤᠬᠤ ᠮᠠᠰᠢᠨ ᠳᠤ ᠡᠪᠡᠰᠦ ᠤᠷᠢᠶᠠᠯᠳᠤᠬᠤ᠂ ᠮᠥᠯᠢᠬᠦ ᠲᠥᠬᠦᠭᠡᠷᠦᠮᠵᠢ | ᠪᠥᠭᠯᠡᠷᠡᠬᠦ᠂ ᠡᠪᠡᠰᠦᠨ ᠦᠷᠡ ᠶᠢ ᠮᠥᠯᠢᠬᠦ ᠨᠢ ᠴᠡᠪᠡᠷ ᠪᠤᠰᠤ᠂ ᠬᠤᠷᠢᠶᠠᠯᠲᠠ ᠶᠢᠨ ᠬᠤᠬᠢᠷᠠᠯ ᠨᠡᠯᠢᠶᠡᠳ ᠶᠡᠭᠡ᠂ ᠡᠪᠡᠰᠦ ᠪᠠ | ᠦᠷᠡ ᠶᠢ ᠰᠠᠯᠭᠠᠬᠤ ᠳᠤ ᠬᠦᠴᠢᠷᠲᠡᠢ ᠵᠡᠷᠭᠡ ᠠᠰᠠᠭᠤᠳᠠᠯ ᠢ ᠳᠠᠷᠠᠭᠠᠯᠠᠨ ᠰᠢᠢᠳᠪᠦᠷᠢᠯᠡᠬᠦ ᠶᠢᠨ ᠬᠠᠮᠲᠤ ᠮᠠᠰᠢᠨ ᠤ ᠪᠦᠲᠦᠴᠡ ᠶᠢ | ᠬᠠᠯᠠᠨ ᠰᠠᠶᠢᠵᠢᠷᠠᠭᠤᠯᠵᠤ᠂ ᠬᠢᠶᠠᠭ ᠡᠪᠡᠰᠦᠨ ᠤ ᠦᠷᠡ ᠶᠢ ᠰᠠᠯᠭᠠᠵᠦ ᠬᠤᠷᠢᠶᠠᠬᠤ ᠦᠷᠡ ᠪᠦᠲᠦᠮᠵᠢ ᠶᠢ ᠪᠦᠲᠦᠮᠵᠢᠲᠡᠢ | ᠳᠡᠭᠡᠭᠰᠢᠯᠡᠭᠦᠯᠦᠭᠰᠡᠨ ᠪᠠᠶᠢᠨᠠ᠃ | | ᠪᠢᠳᠡ ᠡᠨᠡ ᠵᠢᠯ ᠲᠠᠷᠢᠶᠠᠨ ᠭᠠᠵᠠᠷ ᠲᠤ ᠲᠤᠷᠰᠢᠯᠲᠠ ᠬᠢᠬᠦ ᠪᠠᠷ ᠳᠠᠮᠵᠢᠨ᠂ ᠬᠢᠶᠠᠭ ᠡᠪᠡᠰᠦᠨ ᠤ ᠦᠷᠡ ᠶᠢᠨ | ᠬᠤᠷᠢᠶᠠᠯᠲᠠ ᠶᠢᠨ ᠬᠤᠬᠢᠷᠠᠯ ᠢ ᠨᠢᠳᠤᠨᠤᠨ ᠤ 10% ᠠᠴᠠ ᠳᠡᠭᠡᠭᠰᠢ ᠪᠠᠶᠢᠭᠰᠠᠨ ᠢ 5.3% ᠪᠤᠯᠭᠠᠨ ᠪᠠᠭᠤᠷᠠᠭᠤᠯᠵᠠᠢ᠂ | ᠬᠤᠷᠢᠶᠠᠨ ᠠᠪᠤᠭᠰᠠᠨ ᠦᠷᠡ ᠶᠢᠨ ᠴᠡᠪᠡᠷᠴᠡ ᠴᠦ 72.6% ᠶᠢ ᠳᠠᠪᠠᠭᠰᠠᠨ ᠪᠠᠶᠢᠨᠠ᠃ ᠥᠩᠭᠡᠷᠡᠭᠰᠡᠨᠤ ᠬᠢ ᠲᠠᠢ | ᠬᠠᠷᠢᠴᠠᠭᠤᠯᠪᠠᠯ᠂ ᠦᠷᠡ ᠪᠦᠲᠦᠮᠵᠢ ᠳᠡᠭᠡᠭᠰᠢᠯᠡᠵᠦ᠂ ᠬᠤᠬᠢᠷᠠᠯ ᠪᠠᠭᠠᠰᠤᠨ᠂ ᠴᠡᠪᠡᠷᠴᠡ ᠨᠡᠮᠡᠭᠳᠡᠵᠦ᠂ ᠬᠤᠯᠢᠴᠠ ᠪᠠᠭᠠᠰᠤᠭᠰᠠᠨ | ᠪᠠᠶᠢᠨᠠ᠃ ᠲᠡᠷᠡᠴᠢᠯᠡᠨ᠂ ᠦᠷᠡ ᠶᠢ ᠨᠢ ᠬᠤᠷᠢᠶᠠᠭᠰᠠᠨ ᠬᠢᠶᠠᠭ ᠡᠪᠡᠰᠦ ᠶᠢ ᠬᠠᠳᠠᠭᠠᠭᠰᠠᠨ ᠤ ᠳᠠᠷᠠᠭᠠ ᠰᠢᠭᠤᠳ ᠪᠣᠭᠤᠵᠢᠯᠠᠵᠤ᠂ | ᠰᠢᠮᠡ ᠰᠠᠶᠢᠳᠠᠢ ᠲᠡᠵᠢᠭᠡᠯ ᠪᠤᠷᠳᠤᠭᠠ ᠪᠣᠯᠭᠠᠵᠤ ᠪᠤᠯᠳᠠᠭ ᠢᠶᠠᠷ ᠬᠢᠶᠠᠭ ᠡᠪᠡᠰᠦᠨ ᠤ ᠠᠰᠢᠬᠯᠠᠯᠳᠠ ᠶᠢᠨ ᠦᠨᠡ ᠥᠷᠲᠡᠭ ᠢ | ᠶᠡᠭᠡ ᠪᠠᠷ ᠳᠡᠭᠡᠭᠰᠢᠯᠡᠭᠦᠯᠪᠡ᠃ ᠳᠠᠷᠠᠭᠠᠴᠢ ᠪᠠᠷ ᠪᠢᠳᠡ ᠦᠶᠡᠲᠦ ᠤᠷᠭᠤᠮᠠᠯ ᠤᠨ ᠢᠵᠠᠭᠤᠷ ᠤᠨ ᠪᠤᠰᠤᠳ ᠡᠪᠡᠰᠦᠨ ᠤ ᠲᠦᠷᠦᠯ | ᠪᠠ ᠴᠠᠷᠭᠠᠰᠤ ᠵᠡᠷᠭᠡ ᠪᠤᠷᠴᠠᠭ ᠤᠨ ᠢᠵᠠᠭᠤᠷ ᠤᠨ ᠡᠪᠡᠰᠦᠨ ᠤ ᠲᠦᠷᠦᠯ ᠤᠨ ᠠᠳᠠᠯᠢ ᠪᠤᠰᠤ ᠤᠨᠴᠠᠯᠢᠭ ᠢ ᠦᠨᠳᠦᠰᠦᠯᠡᠨ᠂ | ᠮᠠᠰᠢᠨ ᠤ ᠬᠤᠷᠢᠶᠠᠯᠲᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠶᠢᠨ ᠤᠯᠠᠮ ᠢᠶᠠᠷ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ | ᠠᠮᠢᠳᠤᠷᠠᠯ ᠳᠤ ᠳᠦᠭᠦᠮ ᠬᠠᠩᠭᠠᠨᠠ ᠭᠡᠵᠦ ᠲᠤᠰ ᠲᠦᠷᠦᠯ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ | ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ | ᠰᠤᠳᠤᠯᠭᠠᠨ ᠤ ᠭᠠᠵᠠᠷ ᠤᠨ ᠸᠠᠨ ᠴᠢ ᠬᠤᠤ ᠳ᠋ᠣᠺᠲ᠋ᠣᠷ ᠲᠠᠨᠢᠯᠴᠠᠭᠤᠯᠪᠠ᠃ | | ᠤᠢᠢᠯᠠᠭᠠᠭᠰᠠᠨ ᠢᠶᠠᠷ᠂ ᠬᠢᠶᠠᠭ ᠡᠪᠡᠰᠦᠨ ᠤ ᠦᠷᠡ ᠶᠢ ᠰᠠᠯᠭᠠᠵᠦ ᠬᠤᠷᠢᠶᠠᠬᠤ ᠮᠠᠰᠢᠨ ᠢ ᠰᠤᠳᠤᠯᠤᠨ ᠨᠡᠭᠡᠭᠡᠵᠥ | ᠬᠡᠷᠡᠭᠯᠡᠭᠰᠡᠨ ᠨᠢ ᠡᠪᠡᠰᠦ ᠪᠠ ᠦᠷᠡ ᠶᠢ ᠰᠠᠯᠭᠠᠵᠥ ᠵᠡᠷᠭᠡ ᠪᠠᠷ ᠬᠤᠷᠢᠶᠠᠬᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠳᠤ ᠪᠠᠲᠤᠯᠠᠭᠠ ᠬᠠᠩᠭᠠᠭᠰᠠᠨ ᠤ ᠬᠠᠮᠲᠤ ᠬᠢᠶᠠᠭ ᠡᠪᠡᠰᠦᠨ ᠤ ᠦᠷᠡ ᠶᠢ ᠠᠵᠤ ᠦᠢᠯᠡᠰᠵᠢᠭᠦᠯᠦᠨ ᠥᠷᠭᠡᠳᠬᠡᠬᠦ ᠳᠤ | ᠰᠠᠭᠤᠷᠢ ᠲᠠᠯᠪᠢᠵᠤ᠂ ᠴᠢᠨᠠᠷ ᠰᠠᠶᠢᠲᠠᠢ ᠬᠢᠶᠠᠭ ᠡᠪᠡᠰᠦ ᠶᠢ ᠦᠷᠭᠡᠨ ᠬᠡᠪᠴᠢᠶᠡ ᠪᠠᠷ ᠳᠡᠯᠭᠡᠷᠡᠭᠦᠯᠦᠨ ᠲᠠᠷᠢᠬᠤ ᠪᠠ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠬᠠᠮᠠᠭᠠᠯᠠᠬᠤ ᠳᠤ ᠴᠢᠬᠤᠯᠠ ᠦᠢᠯᠡᠳᠦᠯ ᠲᠠᠢ ᠪᠤᠯᠬᠤ ᠶᠤᠮ᠃ | |