| ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠ ᠶᠢᠨ ᠵᠢᠱᠢᠯᠲᠡ ᠪᠠᠷ᠂ 10 | ᠰᠠᠷᠠ ᠶᠢᠨ 1 ᠠᠴᠠ 20 ᠤ ᠡᠳᠦᠷ ᠪᠣᠯᠲᠠᠯᠠ᠂ ᠲᠦᠩᠯᠢᠶᠣᠤ ᠬᠤᠲᠠ ᠶᠢᠨ ᠵᠡᠭᠦᠨ ᠪᠡᠶᠠ ᠪᠣᠯᠤᠨ ᠡᠮᠦᠨᠡ ᠪᠡᠶᠡ᠂ ᠤᠯᠠᠭᠠᠨᠬᠠᠳᠠ | ᠬᠤᠲᠠ᠂ ᠬᠥᠬᠡᠬᠤᠲᠠ ᠶᠢᠨ ᠡᠮᠦᠨᠡ ᠪᠡᠶᠡ᠂ ᠣᠷᠳᠣᠰ ᠬᠤᠲᠠ᠂ ᠦᠬᠠᠶ ᠬᠤᠲᠠ ᠪᠣᠯᠤᠨ ᠠᠯᠠᠱᠠ ᠠᠶᠢᠮᠠᠭ ᠤᠨ ᠵᠡᠭᠦᠨ ᠡᠮᠦᠨᠡ | ᠪᠡᠶᠡ ᠶᠢᠨ ᠲᠤᠨᠳᠠᠰᠤᠨ ᠤ ᠬᠡᠮᠵᠢᠶᠡ ᠡᠩ ᠤᠨ ᠵᠢᠯ ᠤᠨ ᠬᠢ ᠠᠴᠠ 2 ᠬᠤᠪᠢ ᠢᠯᠡᠭᠦᠦ ᠪᠠᠶᠢᠵᠤ᠂ ᠪᠤᠰᠤᠳ ᠭᠠᠵᠠᠷ ᠣᠷᠣᠨ ᠤ | ᠲᠤᠨᠳᠠᠰᠤᠨ ᠤ ᠬᠡᠮᠵᠢᠶᠡ ᠡᠩ ᠤᠨ ᠵᠢᠯ ᠤᠨ ᠬᠢ ᠠᠴᠠ 2 ᠬᠤᠪᠢ ᠳᠤᠲᠠᠭᠤ ᠪᠤᠯᠤᠨᠠ᠃ ᠬᠢᠩᠭᠠᠨ ᠠᠶᠢᠮᠠᠭ ᠤᠨ ᠡᠮᠦᠨᠡ ᠪᠡᠶᠡ᠂ | ᠲᠦᠩᠯᠢᠶᠣᠤ ᠬᠤᠲᠠ᠂ ᠤᠯᠠᠭᠠᠨᠬᠠᠳᠠ ᠬᠤᠲᠠ ᠪᠣᠯᠤᠨ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠪᠡᠶᠡ ᠶᠢᠨ ᠳᠤᠮᠳᠠᠴᠢ | ᠠᠭᠠᠷ ᠤᠨ ᠳᠤᠯᠠᠭᠠᠨ ᠨᠢ ᠡᠩ ᠤᠨ ᠵᠢᠯ ᠤᠨ ᠬᠢ ᠠᠴᠠ 1 ᠭᠷᠠᠳᠦ᠋ᠰ ᠳᠤᠤᠷᠠ ᠪᠠᠶᠢᠵᠤ᠂ ᠪᠤᠰᠤᠳ ᠭᠠᠵᠠᠷ ᠣᠷᠣᠨ ᠤ ᠠᠭᠠᠷ ᠤᠨ | ᠳᠤᠯᠠᠭᠠᠨ ᠨᠢ ᠡᠩ ᠤᠨ ᠵᠢᠯ ᠤᠨ ᠬᠢ ᠠᠴᠠ 1 ᠭᠷᠠᠳᠦ᠋ᠰ ᠥᠨᠳᠥᠷ ᠪᠤᠯᠤᠨᠠ᠃ ᠡᠭᠦᠨ ᠳᠤ᠂ ᠮᠠᠨ ᠤ ᠤᠷᠤᠨ ᠢ ᠨᠦᠯᠦᠭᠡᠯᠡᠬᠦ | ᠲᠤᠨᠳᠠᠰᠤᠨ ᠤ ᠶᠠᠪᠤᠴᠠ 3 ᠤᠳᠠᠭᠠ ᠪᠠᠶᠢᠵᠤ᠂ 10 ᠰᠠᠷᠠ ᠶᠢᠨ ᠡᠬᠢᠨ ᠢᠶᠠᠷ 2 ᠤᠳᠠᠭᠠ ᠳᠤᠮᠳᠠ ᠵᠡᠷᠭᠡ ᠶᠢᠨ ᠪᠣᠷᠣᠭᠠᠨ | ᠣᠷᠣᠵᠤ᠂ 10 ᠰᠠᠷᠠ ᠶᠢᠨ ᠳᠤᠮᠳᠠᠴᠢ ᠪᠠᠷ 1 ᠤᠳᠠᠭᠠ ᠳᠤᠮᠳᠠ ᠵᠡᠷᠭᠡ ᠶᠢᠨ ᠪᠣᠷᠣᠭᠠᠨ ᠣᠷᠣᠨᠠ᠃ | | ᠤᠢᠢᠯᠠᠭᠠᠬᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠ ᠶᠢᠨ ᠬᠢᠨ ᠦᠪᠡᠷᠳᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠤᠰᠤᠨ | ᠠᠰᠢᠬᠯᠠᠯᠳᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠲᠠᠢ ᠬᠠᠮᠲᠤᠷᠠᠨ | ᠣᠳᠣᠬᠠᠨ ᠤ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ | ᠠᠷᠭᠠ ᠪᠦᠬᠦᠨ ᠢ ᠰᠦᠪᠡᠭᠴᠢᠯᠡᠨ ᠪᠥᠬᠦ ᠵᠢᠯ ᠤᠨ ᠠᠮᠤ ᠪᠤᠳᠠᠭᠠ ᠪᠠ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢ | ᠪᠠᠳᠤᠯᠠᠬᠤ ᠪᠠᠷ ᠴᠢᠷᠮᠠᠶᠢᠵᠤ ᠪᠠᠶᠢᠨᠠ᠃ ᠡᠬᠦᠨ ᠢᠶᠠᠷ ᠪᠠᠷᠠᠬᠤ ᠦᠭᠡᠢ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ | ᠲᠤᠰᠬᠠᠶ ᠲᠤᠭᠤᠢᠢᠯᠠᠩ ᠪᠠᠶᠢᠭᠤᠯᠵᠤ᠂ ᠲᠤᠰᠬᠠᠶ ᠠᠵᠢᠯ ᠤᠨ ᠲᠥᠰᠦᠯ ᠲᠣᠭᠲᠠᠭᠠᠨ᠂ ᠭᠤᠷᠪᠠᠨ ᠱᠠᠲᠤᠨ ᠤ ᠴᠠᠭ ᠠᠭᠤᠷ ᠤᠨ | ᠰᠠᠯᠠᠭᠠ ᠮᠥᠴᠢᠷ ᠢ ᠵᠣᠬᠢᠶᠠᠨ ᠪᠠᠶᠢᠭᠤᠯᠤᠨ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠤ ᠴᠠᠭ ᠠᠭᠤᠷ ᠤᠨ ᠦᠢᠯᠡᠴᠢᠯᠡᠭᠡ ᠶᠢ | ᠪᠥᠬᠦ ᠲᠠᠯᠠ ᠪᠠᠷ ᠦᠷᠨᠢᠬᠦᠯᠵᠤ᠂ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠤ ᠴᠠᠭ ᠠᠭᠤᠷ ᠤᠨ ᠦᠢᠯᠡᠴᠢᠯᠡᠭᠡᠨ ᠤ ᠮᠡᠳᠡᠭᠡ | ᠵᠠᠩᠭᠢ ᠶᠢ ᠭᠠᠷᠠᠭ ᠪᠦᠷᠢ ᠬᠤᠶᠠᠷ ᠤᠳᠠᠭᠠ ᠨᠡᠶᠢᠲᠡᠯᠡᠵᠤ ᠪᠤᠢ᠃ | |