ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠬᠦᠯᠡᠭᠴᠢ ᠰᠢ ᠶᠢᠨ ᠫᠢᠩ 5 ᠤ ᠦᠳᠡ ᠶᠢᠨ ᠬᠤᠶᠢᠨᠡ ᠦᠪᠡᠷ ᠤᠨ ᠢᠶᠠᠨ ᠪᠠᠶᠢᠭᠠ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ | ᠱᠠᠩᠬᠠᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ᠂ ᠵᠤᠷᠢᠬᠳᠠᠢ ᠪᠠᠷ ᠰᠢᠨᠡ ᠶᠢ ᠡᠬᠦᠳᠬᠦ | ᠰᠦᠰᠦ ᠵᠤᠷᠢᠭ᠂ ᠬᠦᠮᠥᠨ ᠠᠴᠠ ᠤᠷᠢᠳᠡᠪᠡᠷ ᠬᠢᠬᠦ ᠤᠮᠤᠭ ᠵᠤᠷᠢᠭ᠂ ᠦᠬᠡᠳᠡᠯᠡᠨ ᠲᠡᠪᠰᠢᠬᠤ ᠴᠤᠭ ᠵᠢᠪᠬᠤᠭᠠ ᠪᠠᠷ᠂ ᠰᠢᠨᠡ ᠶᠢ | ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠤ᠂ ᠬᠠᠮᠳᠤ ᠪᠠᠷ ᠡᠳ᠋ᠯᠡᠬᠦ ᠬᠦᠭᠵᠢᠯᠳᠡ ᠶᠢᠨ ᠤᠢᠢᠯᠠᠭᠠᠭᠳᠠᠬᠤᠨ ᠢ | ᠲᠤᠤᠱᠯᠠᠭᠤᠯᠤᠨ ᠨᠠᠶᠢᠳᠠᠪᠤᠷᠢᠵᠢᠭᠤᠯᠵᠥ᠂ ᠦᠭᠡᠷᠡᠴᠢᠯᠡᠯᠳᠡ ᠨᠡᠬᠡᠬᠡᠯᠳᠡ ᠶᠢ ᠪᠦᠬᠦ ᠲᠠᠯᠠ ᠪᠠᠷ ᠬᠦᠨᠵᠡᠬᠡᠶᠢᠷᠡᠬᠦᠯᠬᠦ ᠠᠷᠭᠠ ᠬᠡᠮᠵᠢᠶᠡ | ᠰᠢᠰᠲ᠋ᠧᠮᠵᠢᠨ ᠲᠦᠪᠯᠡᠷᠡᠬᠦ ᠶᠢ ᠬᠦᠴᠦᠯᠡᠨ ᠴᠢᠩᠭᠠᠳᠬᠠᠵᠥ᠂ ᠪᠦᠬᠦ ᠲᠡᠯᠡᠬᠡᠢ ᠳᠤ ᠨᠦᠯᠥᠬᠡᠯᠡᠬᠦ ᠬᠦᠴᠦᠨ ᠲᠠᠢ ᠰᠢᠨᠵᠢᠯᠡᠬᠦ ᠤᠬᠠᠭᠠᠨ | ᠮᠡᠷᠭᠡᠵᠢᠯ ᠤᠨ ᠰᠢᠨᠡ ᠶᠢ ᠡᠬᠦᠳᠬᠦ ᠲᠦᠪ ᠤᠨ ᠪᠠᠶᠢᠭᠤᠯᠤᠯᠳᠠ ᠶᠢᠨ ᠠᠯᠬᠤᠮ ᠢ ᠬᠦᠴᠦᠯᠡᠨ ᠲᠦᠷᠬᠡᠳᠭᠡᠵᠥ᠂ ᠬᠠᠩᠭᠠᠯᠭᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ ᠠᠬᠢᠭᠤᠯᠵᠥ᠂ ᠪᠦᠬᠦ ᠤᠯᠤᠰ ᠤᠨ ᠦᠭᠡᠷᠡᠴᠢᠯᠡᠯᠳᠡ ᠨᠡᠬᠡᠬᠡᠯᠳᠡ ᠶᠢᠨ | ᠲᠠᠭᠠᠭᠤᠯᠤᠭᠴᠢ᠂ ᠰᠢᠨᠡ ᠶᠢ ᠡᠬᠦᠳᠬᠦ ᠬᠦᠭᠵᠢᠯᠳᠡ ᠶᠢᠨ ᠲᠦᠷᠦᠬᠦᠴᠢ ᠪᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠱᠠᠩᠬᠠᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭᠠ ᠬᠦᠷ ᠬᠦᠭᠵᠢᠶᠡᠨᠳᠡᠢ ᠶᠠᠪᠤᠭᠳᠠᠵᠥ ᠪᠠᠶᠢᠯᠠ᠃ ᠰᠢ ᠶᠢᠨ | ᠫᠢᠩ ᠰᠤᠨᠤᠰᠬᠤ ᠶᠢᠨ ᠲᠠᠭᠠᠤ ᠲᠡᠮᠳᠡᠭᠯᠡᠵᠥ᠂ ᠲᠥᠯᠥᠭᠡᠯᠡᠭᠴᠢᠳ ᠲᠠᠢ ᠬᠦᠨᠵᠡᠬᠡᠢ ᠶᠠᠷᠢᠯᠴᠠᠵᠥ ᠪᠠᠶᠢᠪᠠ᠃ | ᠲᠥᠯᠥᠭᠡᠯᠡᠭᠴᠢᠳ ᠤᠨ ᠶᠠᠷᠢᠶᠠ ᠶᠢ ᠨᠠᠷᠢᠨ ᠬᠢᠨᠠᠮᠠᠭᠠᠢ ᠰᠤᠨᠤᠰᠤᠭᠰᠠᠠ ᠤ ᠲᠠᠷᠠᠭᠠ᠂ ᠰᠢ ᠶᠢᠨ ᠫᠢᠩ ᠶᠠᠷᠢᠶᠠ ᠲᠠᠯᠪᠢᠪᠠ᠃ | ᠲᠡᠷᠡ ᠡᠩ ᠲᠡᠷᠢᠬᠦᠨ ᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠪᠦᠷᠢᠨ ᠵᠦᠪᠰᠢᠶᠡᠷᠡᠵᠥ ᠪᠠᠶᠢᠬᠤ ᠪᠠᠨ ᠢᠯᠡᠳᠬᠡᠵᠥ᠂ | ᠦᠩᠭᠡᠷᠡᠭᠰᠡᠡ 5 ᠵᠢᠯ ᠪᠤᠯ ᠮᠠᠨ ᠤ ᠤᠯᠤᠰ ᠤᠨ ᠬᠦᠭᠵᠢᠯᠳᠡ ᠶᠢᠨ ᠲᠤᠩ ᠶᠡᠷᠤ ᠪᠤᠰᠤ ᠶᠢᠨ 5 ᠵᠢᠯ ᠪᠤᠯᠤᠨᠠ᠂ ᠪᠦᠬᠦ ᠨᠠᠮ ᠪᠦᠬᠦ | ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠪᠦᠯᠬᠦᠮᠳᠡᠨ ᠰᠡᠳᠬᠢᠯ ᠨᠢᠬᠡᠳᠴᠦ᠂ ᠵᠠᠮ ᠨᠡᠬᠡᠬᠡᠨ ᠰᠢᠨᠡ ᠶᠢ | ᠡᠬᠦᠳᠴᠦ᠂ ᠠᠶᠤᠯ ᠲᠦᠭᠰᠢᠬᠦᠷᠢ ᠠᠴᠠ ᠠᠶᠤᠬᠤ ᠦᠭᠡᠢ ᠪᠠᠷ ᠡᠷᠡᠯᠭᠡᠭᠯᠡᠨ ᠲᠡᠮᠡᠴᠡᠵᠥ ᠂ ᠠᠵᠥ ᠠᠬᠤᠢ ᠶᠢᠨ ᠪᠦᠳᠦᠭᠡᠨ | ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠨᠠᠮ ᠤᠨ ᠪᠠᠶᠢᠭᠤᠯᠤᠯᠳᠠ ᠶᠢ ᠪᠦᠬᠦ ᠲᠠᠯᠠ ᠪᠠᠷ ᠠᠬᠢᠭᠤᠯᠵᠥ᠂ ᠮᠠᠨ ᠤ | ᠤᠯᠤᠰ ᠤᠨ ᠠᠵᠥ ᠠᠬᠤᠢ ᠶᠢᠨ ᠪᠤᠳᠠᠳᠤ ᠬᠦᠴᠦᠨ᠂ ᠰᠢᠨᠵᠢᠯᠡᠬᠦ ᠤᠬᠠᠭᠠᠨ ᠮᠡᠷᠬᠡᠵᠢᠯ ᠤᠨ ᠪᠤᠳᠠᠳᠤ ᠬᠦᠴᠦᠨ᠂ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠪᠤᠳᠠᠳᠤ ᠬᠦᠴᠦᠨ ᠪᠠᠰᠠ ᠰᠢᠨᠡ ᠲᠡᠭᠳᠡᠷ ᠲᠤ ᠭᠠᠷᠴᠦ᠂ ᠮᠠᠨ ᠤ ᠤᠯᠤᠰ ᠤᠨ ᠠᠷᠠᠳ ᠲᠦᠮᠡᠨ ᠤ | ᠠᠮᠢᠳᠤᠷᠠᠯ ᠤᠨ ᠲᠦᠪᠰᠢᠨ ᠪᠠᠰᠠ ᠰᠢᠨᠡ ᠲᠡᠭᠳᠡᠷ ᠲᠤ ᠭᠠᠷᠴᠦ᠂ ᠮᠠᠨ ᠤ ᠤᠯᠤᠰ ᠤᠨ ᠲᠡᠯᠡᠬᠡᠢ ᠳᠠᠬᠢ ᠪᠠᠶᠢᠷᠢ ᠰᠠᠭᠤᠷᠢ ᠪᠤᠯᠤᠨ | ᠨᠦᠯᠥᠬᠡᠯᠡᠬᠦ ᠬᠦᠴᠦᠨ ᠪᠠᠰᠠ ᠰᠢᠨᠡ ᠲᠡᠭᠳᠡᠷ ᠲᠤ ᠭᠠᠷᠤᠭᠰᠠᠠ ᠪᠠᠶᠢᠨᠠ ᠬᠡᠵᠥ ᠴᠢᠬᠤᠯᠠᠴᠢᠯᠠᠪᠠ᠃ | ᠰᠢ ᠶᠢᠨ ᠫᠢᠩ ᠱᠠᠩᠬᠠᠢ ᠶᠢᠨ ᠬᠢᠨ ᠨᠢᠬᠡ ᠵᠢᠯ ᠤᠨ ᠲᠤᠷᠰᠢ ᠦᠬᠡᠷᠡᠴᠢᠯᠠᠯᠳᠠ ᠶᠢᠨ ᠪᠤᠭᠤᠮᠳᠠ ᠶᠢ ᠵᠤᠷᠢᠬᠳᠠᠢ | ᠰᠢᠪᠳᠤᠯᠵᠤ᠂ ᠰᠢᠨᠠ ᠶᠢ ᠡᠬᠦᠳᠬᠦ ᠪᠠᠷ ᠬᠦᠳᠡᠯᠬᠡᠬᠦᠷ ᠪᠤᠯᠭᠠᠭᠠᠳ ᠤᠯᠤᠬᠰᠠᠨ ᠰᠢᠨᠠ ᠠᠮᠵᠢᠯᠳᠠ ᠶᠢ ᠬᠦᠢᠴᠡᠳ ᠨᠤᠳᠠᠯᠠᠪᠠ᠃ | ᠲᠡᠷᠡ᠂ 2016 ᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯᠠ ᠪᠠᠷ ᠪᠡᠶᠡᠯᠡᠬᠦᠯᠬᠦ ᠰᠢᠢᠳᠪᠤᠷᠢᠳᠤ ᠱᠠᠳᠤᠨ ᠤ ᠡᠬᠢᠯᠠᠯᠳᠠ ᠶᠢᠨ ᠵᠢᠯ | ᠪᠤᠯᠤᠨᠠ᠂ ᠡᠯᠠ ᠵᠦᠢᠯ ᠤᠨ ᠠᠵᠢᠯ ᠢ ᠰᠠᠶᠢᠳᠤᠷ ᠬᠢᠬᠦ ᠨᠢ ᠲᠦᠢᠯ ᠤᠨ ᠴᠢᠬᠤᠯᠠ ᠶᠤᠮ ᠬᠡᠵᠤ ᠴᠢᠬᠤᠯᠠᠴᠢᠯᠠᠪᠠ᠃ ᠲᠡᠷᠡ | ᠱᠠᠩᠬᠠᠢ ᠶᠢᠨ ᠬᠢᠨ ᠴᠢᠯᠤᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠠᠶᠢᠭᠤᠯᠤᠯᠳᠠ ᠪᠠᠷ ᠰᠢᠪᠳᠤᠯᠤᠯᠳᠠ ᠪᠤᠯᠭᠠᠵᠤ᠂ | ᠦᠬᠡᠷᠡᠴᠢᠯᠠᠯᠳᠠ ᠬᠢᠵᠥ ᠪᠤᠭᠤᠮᠳᠠ ᠰᠢᠪᠳᠤᠯᠬᠤ ᠶᠢ ᠪᠦᠬᠦ ᠬᠦᠴᠤ ᠪᠠᠷ ᠢᠶᠠᠨ ᠬᠦᠨᠵᠡᠬᠡᠶᠢᠷᠡᠬᠦᠯᠵᠤ ᠂ ᠴᠢᠯᠤᠬᠡᠳᠤ ᠠᠷᠠᠯᠵᠢᠶᠠᠨ ᠤ | ᠲᠤᠷᠰᠢᠯᠳᠠ ᠶᠢᠨ ᠤᠷᠤᠨ ᠤ ᠪᠠᠶᠢᠭᠤᠯᠤᠯᠳᠠ ᠶᠢ ᠲᠠᠬᠢᠨ ᠰᠢᠨᠠ ᠲᠡᠭᠳᠡᠷ ᠲᠤ ᠭᠠᠷᠭᠠᠬᠤ ᠪᠤᠯᠳᠤᠭᠠᠢ ᠭᠡᠵᠤ ᠬᠦᠰᠡᠪᠠ᠃ ᠰᠢ ᠶᠢᠨ | ᠫᠢᠩ᠂ ᠠᠵᠤ ᠠᠬᠤᠢ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠳᠤ ᠭᠤᠤᠯ ᠨᠢ ᠵᠠᠰᠠᠬ ᠤᠨ ᠤᠷᠳᠤᠨ | ᠪᠤᠯᠤᠨ ᠵᠠᠬᠠ ᠲᠡᠯᠬᠡᠬᠦᠷ ᠤᠨ ᠬᠠᠷᠢᠴᠠᠭᠠ ᠶᠢ ᠰᠠᠶᠢᠳᠤᠷ ᠰᠢᠢᠳᠪᠤᠷᠢᠯᠠᠵᠤ᠂ ᠡᠬᠢ ᠪᠠᠶᠠᠯᠢᠬ ᠢ ᠲᠤᠬᠢᠷᠠᠭᠤᠯᠬᠤ ᠶᠠᠪᠤᠴᠠ ᠳᠠᠬᠢ ᠵᠠᠬᠠ | ᠲᠡᠯᠬᠡᠬᠦᠷ ᠤᠨ ᠰᠢᠢᠳᠪᠤᠷᠢᠯᠡᠭᠴᠢ ᠤᠢᠢᠯᠡᠳᠤᠯ ᠪᠤᠯᠤᠨ ᠵᠠᠰᠠᠬ ᠤᠨ ᠤᠷᠳᠤᠨ ᠤ ᠤᠢᠢᠯᠡᠳᠤᠯ ᠢ ᠨᠡᠩ ᠰᠠᠶᠢᠨ ᠪᠠᠳᠠᠷᠠᠭᠤᠯᠬᠤ | ᠭᠡᠷᠡᠭᠳᠠᠢ ᠬᠡᠵᠤ ᠵᠢᠭᠠᠵᠤ ᠭᠠᠷᠭᠠᠪᠠ᠃ ᠰᠢ ᠶᠢᠨ ᠫᠢᠩ᠂ ᠰᠢᠨᠠ ᠶᠢ ᠡᠬᠦᠳᠬᠦ ᠬᠦᠭᠵᠢᠯᠳᠠ ᠶᠢᠨ ᠤᠢᠢᠯᠠᠭᠠᠭᠳᠠᠬᠤᠨ ᠤ ᠲᠡᠷᠢᠬᠦᠨ | ᠴᠢᠬᠤᠯᠠ ᠵᠦᠢᠯ ᠪᠤᠯ ᠰᠢᠨᠠ ᠶᠢ ᠡᠬᠦᠳᠬᠦ ᠶᠠᠪᠤᠳᠠᠯ ᠪᠤᠯᠤᠨᠠ᠃ ᠪᠦᠬᠦ ᠲᠡᠯᠡᠬᠡᠢ ᠳᠤ ᠨᠦᠯᠤᠬᠡᠯᠡᠬᠦ ᠬᠦᠴᠤᠨ ᠲᠠᠢ ᠰᠢᠨᠵᠢᠯᠡᠬᠦ | ᠤᠬᠠᠭᠠᠨ ᠮᠡᠷᠬᠡᠵᠢᠯ ᠤᠨ ᠰᠢᠨᠠ ᠶᠢ ᠡᠬᠦᠳᠬᠦ ᠲᠦᠪ ᠪᠠᠶᠢᠭᠤᠯᠬᠤ ᠪᠤᠯ ᠱᠠᠩᠬᠠᠢ ᠶᠢᠨ ᠰᠢᠨᠠ ᠶᠢ ᠡᠬᠦᠳᠬᠦ ᠪᠠᠷ ᠬᠦᠳᠡᠯᠬᠡᠬᠦᠷ | ᠪᠤᠯᠭᠠᠬᠤ ᠪᠠᠶᠢᠯᠳᠤᠬᠤ ᠪᠤᠳᠤᠯᠭᠠ ᠶᠢ ᠭᠡᠷᠡᠭᠵᠢᠬᠦᠯᠬᠦ ᠴᠢᠬᠤᠯᠠ ᠠᠴᠢᠶᠠᠯᠠᠪᠤᠷᠢ ᠪᠤᠯᠤᠨᠠ ᠬᠡᠵᠤ ᠴᠢᠬᠤᠯᠠᠴᠢᠯᠠᠪᠠ᠃ | ᠰᠢ ᠶᠢᠨ ᠫᠢᠩ ᠪᠠᠰᠠ ᠤᠳᠤᠬᠠᠨ ᠤ ᠬᠤᠶᠠᠷ ᠬᠦᠪᠡᠭᠡᠨ ᠤ ᠬᠠᠷᠢᠴᠠᠭᠠᠨ ᠤ ᠬᠦᠭᠵᠢᠯᠳᠠ ᠶᠢᠨ ᠲᠤᠬᠠᠢ ᠦᠵᠡᠯᠳᠠ ᠪᠠᠨ | ᠶᠠᠷᠢᠪᠠ᠃ ᠪᠢᠳᠡᠨ ᠤ ᠲᠠᠶᠢᠸᠠᠨ ᠳᠤ ᠠᠪᠴᠦ ᠪᠠᠶᠢᠭᠠ ᠶᠡᠭᠡ ᠲᠦᠷᠦ ᠶᠢᠨ ᠪᠤᠳᠤᠯᠭᠠ ᠴᠢᠭᠯᠡᠯᠳᠠ ᠳᠤᠳᠤᠷᠬᠠᠢ᠂ ᠲᠤᠤᠱᠳᠠᠢ ᠪᠠᠶᠢᠭᠠ | ᠶᠤᠮ᠂ ᠲᠠᠶᠢᠸᠠᠨ ᠤ ᠤᠯᠤᠰ ᠲᠦᠷᠦ ᠶᠢᠨ ᠪᠠᠶᠢᠳᠠᠯ ᠤᠨ ᠬᠤᠪᠢᠷᠠᠯᠳᠠ ᠠᠴᠠ ᠪᠤᠯᠵᠦ ᠬᠤᠪᠢᠷᠠᠬᠤ ᠦᠭᠡᠢ ᠶᠤᠮ᠃ ᠪᠢᠳᠡ | ︽︿ᠶᠡᠷᠡᠨ ᠬᠤᠶᠠᠷ ᠤᠨ﹀ ᠤ ᠬᠠᠮᠳᠦ ᠶᠢᠨ ᠲᠠᠨᠢᠯᠳᠠ︾ ᠶᠢᠨ ᠤᠯᠤᠰ ᠲᠦᠷᠦ ᠶᠢᠨ ᠰᠠᠭᠤᠷᠢ ᠶᠢ ᠪᠠᠷᠢᠮᠳᠠᠯᠠᠵᠦ᠂ ᠬᠤᠶᠠᠷ | ᠬᠦᠪᠡᠭᠡᠨ ᠤ ᠬᠠᠷᠢᠴᠠᠭᠠ ᠨᠠᠶᠢᠷᠠᠮᠳᠠᠯ ᠢᠶᠠᠷ ᠬᠦᠭᠵᠢᠬᠦ ᠶᠢ ᠦᠷᠬᠦᠯᠵᠢᠯᠡᠨ ᠠᠬᠢᠭᠤᠯᠤᠨᠠ᠃ ︽︿ᠶᠡᠷᠡᠨ ᠬᠤᠶᠠᠷ ᠤᠨ ﹀ ᠤ | ᠬᠠᠮᠳᠦ ᠶᠢᠨ ᠲᠠᠨᠢᠯᠳᠠ︾ ᠨᠢ ᠬᠤᠶᠠᠷ ᠬᠦᠪᠡᠭᠡᠨ ᠤ ᠬᠠᠷᠢᠴᠠᠭᠠᠨ ᠤ ᠰᠢᠨᠵᠢ ᠴᠢᠨᠡᠷ ᠢ ᠲᠤᠳᠤᠷᠬᠠᠢ ᠲᠤᠬᠳᠠᠭᠠᠵᠤ᠂ ᠬᠤᠶᠠᠷ | ᠬᠦᠪᠡᠭᠡᠨ ᠤ ᠬᠠᠷᠢᠴᠠᠭᠠ ᠨᠠᠶᠢᠷᠠᠮᠳᠠᠯ ᠢᠶᠠᠷ ᠬᠦᠭᠵᠢᠬᠦ ᠶᠢ ᠪᠠᠳᠤᠯᠠᠬᠤ ᠵᠠᠩᠬᠢᠯᠠᠭᠠ ᠪᠤᠯᠤᠨᠠ᠃ ︽︿ᠶᠡᠷᠡᠨ ᠬᠤᠶᠠᠷ ᠤᠨ﹀ ᠤ | ᠬᠠᠮᠳᠦ ᠶᠢᠨ ᠲᠠᠨᠢᠯᠳᠠ︾ ᠶᠢᠨ ᠲᠡᠦᠭᠡ ᠶᠢᠨ ᠪᠤᠳᠠᠳᠤ ᠶᠠᠪᠤᠳᠠᠯ ᠢ ᠮᠡᠳᠡᠷᠡᠵᠦ᠂ ᠲᠡᠬᠦᠨ ᠤ ᠭᠤᠤᠯ ᠤᠳᠬᠠ ᠰᠠᠨᠠᠭᠠ ᠶᠢ ᠮᠡᠳᠡᠷᠡᠪᠡᠯ | ᠬᠤᠶᠠᠷ ᠬᠦᠪᠡᠭᠡᠨ ᠤ ᠬᠤᠶᠠᠷ ᠲᠠᠯᠠ ᠪᠠᠷ ᠢᠶᠠᠨ ᠬᠠᠮᠳᠦ ᠶᠢᠨ ᠤᠯᠤᠰ ᠲᠦᠷᠦ ᠶᠢᠨ ᠰᠠᠭᠤᠷᠢ ᠲᠠᠢ ᠪᠤᠯᠵᠦ᠂ ᠰᠠᠶᠢᠨ ᠰᠠᠶᠢᠬᠠᠨ | ᠬᠤᠷᠰᠢᠯ ᠲᠠᠢ ᠪᠠᠶᠢᠬᠤ ᠶᠢ ᠪᠠᠳᠤᠯᠠᠵᠦ ᠴᠢᠳᠠᠨᠠ᠃ ᠪᠢᠳᠡ ᠬᠤᠶᠠᠷ ᠬᠦᠪᠡᠭᠡᠨ ᠤ ᠡᠯᠠ ᠬᠦᠷᠢᠶᠡᠨ ᠤ ᠰᠤᠯᠢᠯᠴᠠᠭᠠ | ᠬᠠᠮᠳᠤᠷᠠᠯᠴᠠᠭᠠ ᠶᠢ ᠦᠷᠬᠦᠯᠵᠢᠯᠡᠨ ᠠᠬᠢᠭᠤᠯᠵᠦ᠂ ᠬᠤᠶᠠᠷ ᠬᠦᠪᠡᠭᠡᠨ ᠤ ᠠᠵᠤ ᠠᠬᠤᠢ ᠨᠡᠶᠢᠭᠡᠮ ᠤᠨ ᠠᠭᠤᠰᠤᠯᠴᠠᠨ ᠬᠦᠭᠵᠢᠬᠦ ᠶᠢ | ᠬᠦᠨᠵᠡᠭᠡᠶᠢᠷᠡᠬᠦᠯᠵᠦ᠂ ᠠᠬᠠ ᠳᠡᠬᠦᠦ ᠨᠡᠷ ᠤᠨ ᠬᠠᠶᠢᠷᠠ ᠰᠡᠳᠬᠢᠯᠭᠡ ᠪᠠ ᠠᠵᠠ ᠵᠢᠷᠭᠠᠯ ᠢ ᠨᠡᠮᠡᠭᠳᠡᠬᠦᠯᠵᠦ᠂ ᠠᠬᠠ ᠳᠡᠬᠦᠦ ᠨᠡᠷ ᠤᠨ | ᠰᠡᠳᠬᠢᠯ ᠤᠨ ᠵᠠᠢ ᠶᠢ ᠤᠢᠢᠷᠠᠳᠤᠭᠤᠯᠵᠦ᠂ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠮᠡᠳᠡᠷᠡᠮᠵᠢ ᠶᠢ ᠨᠡᠮᠡᠭᠳᠡᠬᠦᠯᠦᠨᠠ᠃ | ᠪᠢᠳᠡ ᠶᠠᠮᠠᠷᠪᠡ ᠭᠡᠯᠪᠡᠷᠢ ᠶᠢᠨ ︽ᠲᠠᠶᠢᠸᠠᠨ ᠢ ᠲᠤᠰᠠᠭᠠᠷ ᠳᠤᠭᠳᠠᠨᠢᠭᠤᠯᠬᠤ︾ ᠠᠵᠢᠯᠯᠠᠭᠠ ᠶᠢ ᠡᠷᠡᠰ ᠬᠤᠷᠢᠬᠯᠠᠵᠥ᠂ ᠤᠯᠤᠰ ᠤᠨ | ᠡᠷᠭᠡ ᠮᠡᠳᠡᠯ ᠪᠠ ᠨᠤᠳᠤᠭ ᠲᠡᠪᠢᠰᠭᠡᠷ ᠤᠨ ᠪᠦᠷᠢᠨ ᠪᠦᠳᠦᠨ ᠪᠠᠶᠢᠬᠤ ᠶᠢ ᠬᠠᠮᠠᠭᠠᠯᠠᠵᠦ᠂ ᠤᠯᠤᠰ ᠢ ᠬᠠᠭᠠᠴᠠᠭᠤᠯᠬᠤ ᠲᠡᠦᠭᠡ ᠶᠢᠨ | ᠭᠤᠨᠢᠭᠳᠤ ᠵᠦᠴᠦᠭᠡ ᠲᠠᠬᠢᠨ ᠲᠤᠭᠯᠠᠭᠳᠠᠬᠤ ᠶᠢ ᠡᠷᠡᠰ ᠬᠤᠷᠢᠬᠯᠠᠨᠠ ᠭᠡᠵᠦ ᠴᠢᠬᠤᠯᠠᠴᠢᠯᠠᠪᠠ᠃ | |