ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ | ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠢᠤᠢ ᠵᠧᠩ ᠱᠧᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ | ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠪ ᠤᠨ ᠰᠠᠬᠢᠯᠭᠠ ᠪᠠᠳᠤ ᠪᠠᠶᠢᠴᠠᠭᠠᠬᠤ ᠬᠤᠷᠢᠶᠠᠨ ᠤ ᠱᠦᠵᠢ ᠸᠠᠩ ᠴᠢ ᠱᠠᠨ᠂ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠲᠡᠳ᠋ ᠶᠡᠷᠤᠩᠬᠡᠢ ᠰᠠᠶᠢᠳ ᠵᠠᠩ ᠭᠤᠤ ᠯᠢ 11 ᠤ ᠡᠳᠤᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ ᠬᠡᠰᠡᠭ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠳᠤ ᠲᠤᠰ ᠲᠤᠰ ᠤᠷᠤᠯᠴᠠᠪᠠ᠃ | ᠢᠤᠢ ᠵᠧᠩ ᠱᠧᠩ ᠶᠦᠨᠨᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠪᠠ᠃ | ᠲᠥᠯᠥᠭᠡᠯᠡᠭᠴᠢᠳ ᠬᠤᠷᠠᠯ ᠤᠨ ᠵᠦᠪᠯᠡᠬᠦ ᠰᠡᠳᠤᠪ ᠤᠨ ᠲᠤᠭᠤᠷᠢᠨ ᠳᠤ ᠰᠡᠳᠬᠢᠯ ᠢᠶᠠᠨ ᠠᠭᠤᠵᠢᠷᠠᠳᠠᠯᠠ ᠶᠠᠷᠢᠯᠴᠠᠪᠠ᠃ ᠯᠢ ᠵᠢᠢ | ᠡᡁᠧᠩ᠂ ᠴᠧᠨ ᠬᠤᠤ᠂ ᠵᠤᠤ ᠯᠢ ᠰᠢᠶᠦ᠋ᠩ ᠵᠡᠷᠬᠡ ᠲᠥᠯᠥᠭᠡᠯᠡᠭᠴᠢ ᠶᠢᠨ ᠶᠠᠷᠢᠶᠠ ᠶᠢ ᠨᠠᠷᠢᠨ ᠬᠢᠨᠠᠮᠠᠭᠠᠢ ᠰᠤᠨᠤᠰᠤᠭᠰᠠᠠ ᠤ ᠲᠠᠷᠠᠭᠠ᠂ | ᠢᠤᠢ ᠵᠧᠩ ᠱᠧᠩ᠂ ᠵᠠᠩ ᠳ᠋ᠧ ᠵᠢᠶᠠᠩ ᠨᠦᠬᠦᠷ ᠤᠨ ᠬᠢᠭᠰᠡᠡ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠥᠯᠳᠡ ᠶᠢ ᠪᠦᠷᠢᠨ ᠵᠦᠪᠰᠢᠶᠡᠷᠡᠵᠥ ᠪᠠᠶᠢᠨᠠ ᠬᠡᠵᠥ ᠢᠯᠡᠳᠬᠡᠪᠡ᠃ | ᠲᠡᠷᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠶᠦᠨᠨᠠᠨ ᠤ ᠡᠯᠡ ᠲᠠᠯᠠ ᠶᠢᠨ ᠦᠢᠯᠡᠰ | ᠲᠤᠭᠳᠠᠭᠤᠨ ᠢᠶᠠᠷ ᠠᠬᠢᠵᠥ᠂ ᠠᠵᠥ ᠠᠬᠤᠢ ᠨᠡᠶᠢᠭᠡᠮ ᠤᠨ ᠬᠦᠭᠵᠢᠯᠳᠡ ᠳᠤ ᠲᠤᠩ ᠶᠡᠭᠡ ᠠᠮᠵᠢᠯᠳᠠ ᠤᠯᠪᠠ᠃ ᠶᠦᠨᠨᠠᠨ ᠤ ᠬᠢᠨ | ᠲᠦᠪ ᠤᠨ ᠱᠠᠭᠠᠷᠳᠠᠯᠭᠠ ᠪᠤᠯᠤᠨ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠰᠢᠨᠡ ᠬᠦᠭᠵᠢᠯᠳᠡ ᠶᠢᠨ ᠤᠢᠢᠯᠠᠭᠠᠭᠳᠠᠬᠤᠨ ᠢᠶᠠᠷ ᠬᠦᠭᠵᠢᠯᠳᠡ ᠪᠠᠨ | ᠬᠦᠳᠦᠯᠥᠨ ᠲᠠᠭᠠᠭᠤᠯᠬᠤ ᠶᠢ ᠪᠠᠷᠢᠮᠳᠠᠯᠠᠵᠥ᠂ ᠴᠢᠨᠡᠭᠡᠯᠢᠭ ᠨᠡᠶᠢᠭᠡᠮ ᠢ ᠪᠦᠬᠦ ᠲᠠᠯᠠ ᠪᠠᠷ ᠪᠡᠶᠡᠯᠡᠬᠦᠯᠬᠦ ᠬᠠᠷᠠᠯᠳᠡ ᠶᠢ ᠲᠤᠭᠳᠠᠭᠰᠠᠠ | ᠬᠤᠭᠤᠴᠠᠭᠠᠨ ᠳᠤ ᠪᠡᠶᠡᠯᠡᠬᠦᠯᠬᠦ ᠶᠢ ᠬᠦᠰᠡᠵᠥ ᠪᠠᠶᠢᠨᠠ ᠬᠡᠵᠥ ᠬᠡᠯᠡᠪᠡ᠃ | ᠸᠠᠩ ᠴᠢ ᠱᠠᠨ ᠬᠦᠢᠵᠸᠦ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠪᠠ᠃ ᠴᠧᠨ ᠮᠢᠨ | ᠡᠯ᠂ ᠰᠦᠨ ᡁᠢ ᠭᠠᠩ᠂ ᠬᠤᠸᠠ ᠴᠢᠤᠸᠠᠨ ᠵᠡᠷᠭᠡ ᠲᠦᠯᠦᠭᠡᠯᠡᠭᠴᠢ ᠶᠢᠨ ᠶᠠᠷᠢᠶᠠ ᠶᠢ ᠰᠤᠨᠤᠰᠤᠭᠰᠠᠨ ᠤ ᠳᠠᠷᠠᠭᠠ᠂ ᠸᠠᠩ ᠴᠢ ᠱᠠᠨ᠂ | ᠴᠢᠨᠡᠭᠡᠯᠢᠭ ᠨᠡᠶᠢᠭᠡᠮ ᠢ ᠪᠦᠬᠦ ᠲᠠᠯᠠ ᠪᠠᠷ ᠪᠡᠶᠡᠯᠡᠬᠦᠯᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠠᠯᠳᠠ ᠶᠢ ᠤᠯᠬᠤ ᠪᠤᠯ ᠨᠠᠮ ᠤᠨ ᠬᠦᠰᠡᠯᠡᠩ ᠢᠳᠡᠭᠡᠯ ᠵᠤᠷᠢᠯᠳᠠ ᠠᠴᠠ ᠲᠤᠭᠳᠠᠭᠰᠠᠨ ᠶᠤᠮ᠂ ᠶᠡᠷᠦᠩᠭᠡᠢ ᠱᠦᠵᠢ ᠰᠢ ᠶᠢᠨ | ᠫᠢᠩ ᠤᠨ ᠰᠡᠳᠬᠢᠯ ᠳᠡᠭᠡᠨ ᠪᠤᠳᠤᠵᠦ ᠪᠠᠶᠢᠭᠠ ᠵᠦᠢᠯ ᠮᠦᠨ᠂ ᠮᠠᠨ ᠤ ᠨᠠᠮ ᠤᠨ ᠠᠷᠠᠳ ᠲᠦᠮᠡᠨ ᠳᠤ ᠠᠮᠠᠯᠳᠠᠭᠰᠠᠨ ᠠᠮᠠᠯᠠᠯᠳᠠ | ᠮᠦᠨ᠃ ᠨᠢᠭᠡᠳᠤᠯᠳᠠᠢ ᠪᠠᠶᠢᠬᠤ ᠳᠤ ᠨᠠᠮ ᠤᠨ ᠲᠦᠷᠢᠮ ᠲᠤᠭᠳᠠᠭᠠᠯ ᠪᠠ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶᠠᠨ ᠤ ᠵᠤᠷᠢᠭ ᠰᠠᠨᠠᠭᠠ ᠲᠠᠢ ᠬᠠᠷᠭᠤᠭᠤᠯᠤᠨ ᠵᠦᠷᠢᠶᠠ ᠪᠠᠨ ᠡᠷᠢᠵᠦ᠂ ᠲᠦᠪ ᠤᠨ ᠵᠤᠷᠢᠭ ᠰᠠᠨᠠᠭᠠ ᠶᠢ ᠤᠨᠤᠪᠴᠢᠳᠠᠢ | ᠡᠵᠡᠮᠰᠢᠵᠦ᠂ ᠪᠤᠳᠠᠳᠠᠢ ᠲᠠᠢ ᠨᠢᠭᠳᠠ ᠤᠶᠠᠯᠳᠤᠭᠤᠯᠵᠥ ᠪᠠᠶᠢᠭᠠᠳ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭᠠ ᠶᠢ | ᠭᠡᠷᠡᠭᠵᠢᠬᠦᠯᠬᠦ ᠶᠠᠪᠤᠳᠠᠯ ᠪᠤᠯᠤᠨᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠢᠯᠠᠯᠳᠠ ᠤᠯᠬᠤ ᠶᠢᠨ ᠵᠠᠩᠬᠢᠯᠠᠭᠠ ᠨᠢ | ᠡᠯᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ ᠪᠤᠢ᠂ ᠦᠨᠳᠦᠰᠦᠨ ᠱᠠᠳᠤᠨ ᠤ ᠨᠠᠮ ᠤᠨ ᠡᠬᠦᠷ ᠤᠨ ᠲᠠᠶᠢᠴᠢᠨ | ᠪᠠᠬᠢᠯᠡᠯᠳᠠ ᠶᠢᠨ ᠦᠢᠯᠡᠳᠦᠯᠢ ᠪᠠᠳᠠᠷᠠᠭᠤᠯᠬᠤ ᠳᠤ ᠲᠦᠰᠢᠭᠯᠡᠵᠦ᠂ ᠨᠠᠮ ᠤᠨ ᠭᠡᠰᠢᠬᠦᠨ ᠺᠠᠳ᠋ᠷ ᠤᠨ ᠤᠯᠠᠨ ᠲᠦᠮᠡᠨ ᠤ ᠲᠦᠯᠦᠭᠡ | ᠪᠤᠳᠤᠯᠬᠢᠯᠠᠬᠤ᠂ ᠤᠯᠠᠨ ᠲᠦᠮᠡᠨ ᠢ ᠲᠠᠶᠢᠴᠢᠯᠠᠨ ᠵᠤᠬᠢᠶᠠᠨ ᠪᠠᠶᠢᠭᠤᠯᠬᠤ ᠳᠤ ᠲᠦᠰᠢᠭᠯᠡᠨᠠ ᠭᠡᠵᠦ ᠵᠢᠭᠠᠵᠦ ᠭᠠᠷᠭᠠᠪᠠ᠃ | ᠵᠠᠩ ᠭᠤᠤ ᠯᠢ ᠱᠠᠨᠰᠢ ᠶᠢᠨ ᠲᠦᠯᠤᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠪᠠ᠃ ᠵᠤᠤ ᠵᠧᠩ | ᠶᠦᠩ᠂ ᠯᠸᠤ ᠴᠢᠨ ᠵᠢᠶᠠᠨ᠂ ᠸᠠᠩ ᠱᠦ ᠬᠦᠸᠧ ᠵᠡᠷᠬᠡ ᠲᠦᠯᠤᠬᠡᠯᠡᠭᠴᠢ ᠶᠢᠨ ᠶᠠᠷᠢᠶᠠ ᠶᠢ ᠰᠤᠨᠤᠰᠤᠬᠰᠠᠨ ᠤ ᠲᠠᠷᠠᠭᠠ᠂ ᠵᠠᠩ ᠭᠤᠤ | ᠯᠢ᠂ ᠦᠩᠬᠡᠷᠡᠭᠰᠡᠨ ᠨᠢᠬᠡ ᠵᠢᠯ ᠪᠤᠯᠤᠨ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠱᠠᠨᠰᠢ ᠶᠢᠨ | ᠦᠬᠡᠷᠡᠴᠢᠯᠠᠯᠳᠠ ᠬᠦᠭᠵᠢᠯᠳᠠ ᠰᠢᠨᠠ ᠠᠮᠵᠢᠯᠳᠠ ᠤᠯᠪᠠ᠂ ᠱᠠᠨᠰᠢ ᠶᠢᠨ ᠬᠢᠨ ᠶᠠᠷᠤᠩᠬᠡᠢ ᠱᠦᠵᠢ ᠰᠢ ᠶᠢᠨ ᠫᠢᠩ ᠤᠨ ᠰᠢᠷᠢᠰ | ᠴᠢᠬᠤᠯᠠ ᠶᠠᠷᠢᠶᠠᠨ ᠤ ᠵᠤᠷᠢᠬ ᠰᠠᠨᠠᠭᠠ ᠶᠢ ᠬᠦᠨᠵᠡᠬᠡᠢ ᠲᠤᠤᠱᠯᠠᠭᠤᠯᠵᠤ᠂ ᠰᠢᠨᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ | ᠨᠡᠬᠡᠬᠡᠯᠳᠡᠳᠤ᠂ ᠬᠠᠮᠳᠤᠪᠡᠷ ᠡᠳ᠋ᠯᠡᠬᠦ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠤ᠂ ︽ᠲᠠᠪᠤᠨ ᠯᠠᠪᠳᠠᠭᠤᠨ ᠪᠠᠳᠤᠳᠠᠢ︾ ᠶᠢ | ᠪᠤᠳᠠᠳᠠᠢ ᠨᠠᠶᠢᠳᠠᠪᠤᠷᠢᠵᠢᠭᠤᠯᠵᠥ᠂ ᠱᠠᠨᠰᠢ ᠶᠢᠨ ᠤᠷᠤᠬᠰᠢᠯᠠᠨ ᠲᠠᠪᠰᠢᠬᠰᠠᠨ ᠰᠢᠨᠠ ᠬᠠᠭᠤᠳᠠᠰᠤ ᠶᠢ ᠪᠢᠴᠢᠭᠯᠡᠬᠦ ᠶᠢ ᠬᠦᠰᠡᠵᠤ | ᠪᠠᠶᠢᠨᠠ ᠬᠡᠵᠤ ᠬᠡᠯᠡᠪᠡ᠃ | |