ᠰᠢᠨᠬᠤᠸᠠ ᠮᠣᠩᠭᠣᠯ ᠨᠧᠲ ᠤᠷᠳᠤᠰ ᠤᠨ 4 ᠰᠠᠷᠠ ᠶᠢᠨ 26 ᠡᠳᠦᠷ ᠤᠨ ᠴᠠᠬᠢᠯᠭᠠᠨ ᠮᠡᠳᠡᠭᠡ (ᠨᠤᠭᠤᠭᠠᠨᠲᠠᠯᠠ᠂ | ᠬ• ᠦᠵᠡᠰᠭᠦᠯᠡᠩ) 26 ᠡᠳᠦᠷ ᠤᠨ ᠦᠷᠯᠦᠭᠡ᠂ ᠦᠪᠦᠷ ᠮᠣᠩᠭᠣᠯ ᠤᠨ ᠤᠷᠳᠤᠰ ᠬᠤᠳᠠ ᠶᠢᠨ ᠵᠠᠰᠠᠭ ᠤᠨ ᠤᠷᠳᠤᠨ ᠡᠴᠡ | ᠰᠠᠨᠠᠭᠠᠴᠢᠯᠠᠵᠦ᠂ ᠤᠷᠳᠤᠰ ᠬᠤᠳᠠ ᠶᠢᠨ ᠪᠡᠶᠠ ᠶᠢᠨ ᠲᠠᠮᠢᠷ ᠤᠨ ᠲᠤᠪᠴᠢᠶᠠ᠂ ᠤᠷᠳᠤᠰ ᠬᠤᠳᠠ ᠶᠢᠨ ᠴᠢᠩᠬᠢᠰ ᠬᠠᠭᠠᠨ ᠤ | ᠤᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠦᠪᠦᠷ ᠮᠣᠩᠭᠣᠯ ᠤᠨ ᠷᠠᠳᠢᠤ᠋ ᠲ᠋ᠧᠯᠸᠢᠰ ᠬᠤᠷᠢᠶᠠᠨ ᠤ ᠮᠣᠩᠭ᠋ᠤᠯ ᠬᠡᠯᠡᠨ ᠤ | ᠰᠤᠪᠠᠭ ᠬᠠᠮᠳᠤᠷᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠤᠨ ᠬᠤᠷᠠᠯ ᠵᠢᠴᠢ | 2016 ᠤᠨ ᠤ ᠪᠡᠯᠭᠦᠲᠠᠢ 512 ᠬᠦᠴᠦᠳᠦ ᠪᠦᠬᠡ ᠶᠢᠨ ᠪᠠᠷᠢᠯᠳᠤᠭᠠᠨ ᠴᠢᠩᠬᠢᠰ ᠬᠠᠭᠠᠨ ᠤ ᠤᠨ | ᠤᠷᠤᠨ ᠤ ᠮᠤᠷᠢᠨ ᠤᠷᠤᠯᠳᠤᠭᠠᠨ ᠤ ᠳᠠᠯᠠᠪᠠᠢ ᠳᠤ ᠡᠬᠢᠯᠡᠪᠡ᠃ ᠪᠠᠷᠢᠯᠳᠤᠭᠠᠨ 2 ᠡᠳᠦᠷ ᠤᠨ ᠬᠤᠭᠤᠴᠠᠭᠠ ᠲᠠᠢ ᠶᠠᠪᠤᠭᠳᠠᠨᠠ᠃ | ᠲᠤᠰ ᠤᠳᠠᠭᠠᠨ ᠤ ᠪᠠᠷᠢᠯᠳᠤᠭᠠᠨ ᠳᠤ ᠦᠪᠦᠷ ᠮᠣᠩᠭᠣᠯ ᠤᠨ ᠪᠡᠶᠠ ᠲᠠᠮᠢᠷ ᠤᠨ ᠲᠤᠪᠴᠢᠶᠠᠨ ᠤ 2005 ᠤᠨ ᠳᠤ ᠬᠢᠨᠠᠨ | ᠲᠤᠭᠲᠠᠭᠠᠭᠰᠠᠨ ᠪᠦᠬᠡ ᠶᠢᠨ ᠦᠷᠢᠰᠦᠯᠳᠦᠭᠡᠨ ᠤ ᠲᠦᠷᠢᠮ ᠪᠤᠯᠤᠨ ᠡᠷᠬᠢᠯᠡᠭᠰᠡᠨ ᠨᠢᠭᠡᠴᠡ ᠶᠢᠨ ᠬᠠᠮᠢᠶᠠ ᠪᠦᠬᠦᠢ ᠲᠦᠷᠢᠮ ᠢ | ᠬᠡᠷᠡᠭᠵᠢᠭᠦᠯᠦᠨᠠ᠃ ᠦᠪᠦᠷ ᠮᠣᠩᠭ᠋ᠤᠯ ᠤᠨ ᠷᠠᠳᠢᠤ᠋ ᠲᠧᠯᠸᠢᠰ ᠬᠤᠷᠢᠶᠠᠨ ᠤ ᠮᠣᠩᠭᠣᠯ ᠬᠡᠯᠡᠨ ᠤ ᠰᠤᠪᠠᠭ ᠤᠨ ᠡᠷᠠ ᠶᠢᠨ ᠭᠤᠷᠪᠠᠨ | ᠨᠠᠭᠠᠳᠤᠮ ᠳᠡᠯᠭᠡᠴᠡ ᠶᠢᠨ ᠪᠦᠬᠡ ᠶᠢᠨ ᠪᠠᠷᠢᠯᠳᠤᠭᠠᠨ ᠤ ᠴᠢᠨᠰᠠᠭᠠ ᠶᠢ ᠦᠨᠳᠦᠰᠦᠯᠡᠨ 32 ᠭᠤᠤᠯ ᠪᠦᠬᠡᠴᠤᠳ ᠢ ᠲᠤᠬᠢᠷᠠᠭᠤᠯᠵᠦ᠂ | ᠰᠢᠪᠠᠭᠠ ᠰᠤᠭᠤᠯᠤᠨ ᠪᠠᠷᠢᠯᠳᠤᠭᠤᠯᠤᠨᠠ᠃ | ᠪᠠᠷᠢᠯᠳᠤᠭᠠᠨ ᠳᠤ ᠤᠷᠤᠯᠴᠠᠭᠰᠠᠨ ᠪᠦᠬᠡ ᠪᠤᠯᠭᠠᠨ ᠬᠠᠷᠠᠭᠠᠯᠵᠠᠭᠰᠠᠨ ᠱᠠᠩᠨᠠᠯ ᠲᠠᠢ᠂ ᠲᠡᠷᠢᠭᠦᠨ ᠪᠦᠬᠡ ᠳᠤ ᠦᠨᠳᠡᠭᠡᠨ | ᠴᠭᠠᠠᠨ ᠤ ᠳᠠᠭᠠᠯ ᠰᠦᠷᠦᠭ ᠤᠨ 9 ᠴᠠᠭᠠᠨ ᠠᠳᠤᠭᠤ ᠶᠢ ᠱᠠᠩᠨᠠᠨᠠ᠃ ᠦᠨᠳᠡᠭᠡᠨ ᠴᠠᠭᠠᠨ ᠮᠤᠷᠢ ᠪᠤᠯ ᠴᠢᠩᠬᠢᠰ ᠬᠠᠭᠠᠨ ᠤ | ᠰᠡᠳᠡᠷᠲᠦ ᠰᠢᠲᠦᠭᠡᠨ ᠮᠤᠷᠢ᠂ ᠴᠢᠩᠬᠢᠰ ᠡᠵᠡᠨ ᠭᠡᠭᠡᠨ ᠪᠠᠶᠢᠬᠤ ᠳᠠᠭᠠᠨ ᠰᠢᠲᠦᠭᠰᠡᠨ ᠬᠦᠬᠡ ᠮᠦᠩᠬᠡ ᠲᠡᠭᠷᠢ ᠶᠢᠨ ᠬᠤᠪᠢᠯᠭᠠᠨ | ᠬᠦᠯᠦᠭ ᠪᠢᠯᠡ᠃ ᠱᠠᠩ ᠪᠤᠯᠬᠤ 9 ᠴᠠᠭᠠᠨ ᠠᠳᠤᠭᠤ ᠨᠢ ᠳᠠᠷᠤᠢ ᠲᠡᠭᠦᠨ ᠤ ᠳᠠᠭᠠᠯ ᠰᠦᠷᠦᠭ ᠡᠴᠡ ᠭᠠᠷᠤᠯ ᠲᠠᠢ᠃ | |