ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠬᠤᠷᠢᠶᠠᠨ ᠳᠠᠷᠤᠭᠠ᠂ ᠡᠳᠦᠢ ᠳᠡᠳᠦᠢ | ᠳᠡᠳ᠋ ᠬᠤᠷᠢᠶᠠᠨ ᠳᠠᠷᠤᠭᠠ᠂ ᠨᠠᠷᠢᠨ ᠪᠢᠴᠢᠭ ᠤᠨ ᠳᠠᠷᠤᠭᠠ ᠪᠠ ᠡᠳᠦᠢ ᠳᠡᠳᠦᠢ ᠭᠡᠰᠢᠭᠦᠨ ᠢᠶᠠᠷ ᠪᠦᠷᠢᠯᠳᠦᠨᠠ᠃ ᠡᠳᠡᠭᠡᠷ ᠬᠦᠮᠦᠰ ᠢ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠭᠡᠨᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠤᠷᠤᠨ | ᠳᠤᠭᠠ ᠶᠢᠨ ᠳᠤᠬᠠᠢ ᠪᠤᠳᠠᠳᠠᠢ ᠳᠤᠭᠳᠠᠭᠠᠯ ᠪᠠᠶᠢᠬᠤ ᠦᠭᠡᠢ᠂ ᠬᠤᠭᠤᠴᠠᠭᠠ ᠪᠦᠷᠢ ᠶᠢᠨ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠪᠤᠳᠠᠳᠠᠢ ᠤᠷᠤᠨ | ᠳᠤᠭᠠ ᠶᠢ ᠡᠩ ᠤᠨ ᠪᠠᠶᠢᠳᠠᠯ ᠳᠤ ᠬᠤᠭᠤᠴᠠᠭᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠤᠷᠠᠯ ᠠᠴᠠ ᠰᠤᠩᠭᠤᠭᠤᠯᠢ ᠬᠢᠬᠦ ᠪᠠ ᠳᠤᠮᠢᠯᠠᠬᠤ ᠳᠤᠭᠳᠠᠭᠠᠯ ᠭᠠᠷᠭᠠᠬᠤ ᠠᠷᠭᠠ ᠪᠠᠷ ᠳᠤᠭᠳᠠᠭᠠᠨᠠ᠃ | ᠵᠢᠱᠢᠶᠡᠯᠡᠪᠡᠯ᠂ ᠶᠢᠰᠦᠳᠦᠭᠡᠷ ᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠠᠴᠠ ᠪᠠᠳᠤᠯᠠᠭᠰᠠᠨ ᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠤᠩᠭᠤᠭᠤᠯᠢ ᠶᠢᠨ ᠠᠷᠭᠠ ᠳᠤ᠄ ︽ᠶᠢᠰᠦᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠤᠷᠤᠨ | ᠳᠤᠭᠠ ᠶᠢ 155 ᠬᠦᠮᠦᠨ ᠢᠶᠠᠷ ᠳᠤᠭᠳᠠᠭᠠᠨᠠ︾ ᠭᠡᠵᠤ ᠤᠭᠳᠠᠭᠠᠪᠠ᠃ ᠤᠯᠤᠰ ᠪᠠᠶᠢᠭᠤᠯᠤᠭᠳᠠᠭᠰᠠᠨ ᠠᠴᠠ ᠨᠠᠰᠢᠬᠢ | ᠬᠤᠭᠤᠴᠠᠭᠠ ᠪᠦᠷᠢ ᠶᠢᠨ ᠪᠦᠬᠦ ᠤᠯᠤᠰ ᠤᠨ ᠠᠷᠠᠳ ᠤᠨ ᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠳᠦᠭᠦᠨ ᠤ ᠤᠷᠤᠨ ᠳᠤᠭᠠ ᠴᠦᠮ ᠠᠳᠠᠯᠢ ᠪᠠᠶᠢᠭᠰᠠᠨ ᠢᠰᠢ᠂ ᠨᠢᠭᠡᠳᠦᠭᠡᠷ ᠬᠤᠭᠤᠴᠠᠭᠠᠨ ᠤ ᠪᠦᠷᠢᠯᠳᠦᠭᠦᠨ ᠨᠢ 79 | ᠬᠦᠮᠦᠨ᠂ ᠬᠤᠶᠠᠳᠤᠭᠠᠷ ᠬᠤᠭᠤᠴᠠᠭᠠᠨ ᠤ ᠪᠦᠷᠢᠯᠳᠦᠭᠦᠨ ᠨᠢ 79 ᠦᠮᠦᠨ᠂ ᠭᠤᠷᠪᠠᠳᠤᠭᠠᠷ ᠬᠤᠭᠤᠴᠠᠭᠠᠨ ᠤ ᠪᠦᠷᠢᠯᠳᠦᠭᠦᠨ ᠨᠢ | 115 ᠬᠦᠮᠦᠨ᠂ ᠲᠦᠷᠪᠡᠳᠦᠭᠡᠷ ᠬᠤᠭᠤᠴᠠᠭᠠᠨ ᠤ ᠪᠦᠷᠢᠯᠳᠦᠭᠦᠨ ᠨᠢ 67 ᠬᠦᠮᠦᠨ᠂ ᠳᠠᠪᠤᠳᠤᠭᠠᠷ ᠬᠤᠭᠤᠴᠠᠭᠠᠨ ᠤ | ᠪᠦᠷᠢᠯᠳᠦᠭᠦᠨ ᠨᠢ 196 ᠬᠦᠮᠦᠨ᠂ ᠵᠢᠷᠭᠤᠳᠤᠭᠠᠷ᠂ ᠳᠤᠯᠤᠳᠤᠭᠠᠷ᠂ ᠨᠠᠢᠮᠠᠳᠤᠭᠠᠷ᠂ ᠢᠰᠦᠳᠦᠭᠡᠷ ᠬᠤᠭᠤᠴᠠᠭᠠᠨ ᠤ | ᠪᠦᠷᠢᠯᠳᠦᠭᠦᠨ ᠨᠢ ᠴᠦᠮ 155 ᠬᠦᠮᠦᠨ ᠪᠠᠶᠢᠯᠠ᠃ ᠪᠦᠬᠦ ᠤᠯᠤᠰ ᠤᠨ ᠠᠷᠠᠳ ᠤᠨ ᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠ ᠠᠴᠠ ᠲᠦᠷᠦ ᠶᠢᠨ ᠶᠠᠪᠤᠳᠠᠯ ᠤᠨ ᠬᠤᠷᠢᠶᠠ᠂ ᠠᠷᠠᠳ ᠤᠨ ᠳᠡᠭᠡᠳᠦ ᠰᠢᠭᠦᠬᠦ ᠬᠤᠷᠢᠶᠠ ᠪᠤᠯᠤᠨ ᠠᠷᠠᠳ ᠤᠨ | ᠳᠡᠭᠡᠳᠦ ᠪᠠᠶᠢᠴᠠᠭᠠᠬᠤ ᠬᠤᠷᠢᠶᠠ ᠶᠢᠨ ᠠᠵᠢᠯ ᠳᠤ ᠬᠢᠨᠠᠯᠳᠠ ᠳᠠᠯᠪᠢᠬᠤ ᠳᠤ ᠠᠰᠢᠬᠳᠡᠢ ᠪᠤᠯᠭᠠᠬᠤ ᠶᠢᠨ ᠳᠤᠰᠠᠳᠠ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠯᠤᠰ ᠤᠨ | ᠵᠠᠰᠠᠭ ᠵᠠᠬᠢᠷᠭᠠᠨ ᠤ ᠪᠠᠶᠢᠭᠤᠯᠤᠯᠭᠠ᠂ ᠰᠢᠭᠦᠨ ᠳᠠᠰᠤᠯᠬᠤ ᠪᠠᠶᠢᠭᠤᠯᠤᠯᠭᠠ ᠪᠤᠯᠤᠨ ᠪᠠᠶᠢᠴᠠᠭᠠᠬᠤ ᠪᠠᠶᠢᠭᠤᠯᠤᠯᠭᠠ ᠶᠢᠨ ᠤᠰᠢᠶᠠᠯ ᠢ | ᠬᠠᠷᠢᠭᠤᠴᠠᠵᠤ ᠪᠤᠯᠬᠤ ᠦᠭᠡᠢ ᠪᠠᠶᠢᠳᠠᠭ︔ ᠬᠡᠷᠪᠡ ᠡᠳᠡᠭᠡᠷ ᠪᠠᠶᠢᠭᠤᠯᠤᠯᠭᠠ ᠳᠤ ᠳᠤᠰᠢᠶᠠᠯ ᠬᠠᠷᠢᠭᠤᠴᠠᠵᠤ ᠪᠠᠶᠢᠪᠠᠯ ᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠤᠰᠢᠶᠠᠯ ᠠᠴᠠ ᠪᠠᠨ ᠡᠷᠬᠡᠪᠰᠢ ᠪᠠᠭᠤᠬᠤ ᠡᠷᠡᠭᠳᠡᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠶᠠᠨ | ᠳᠠᠷᠤᠭᠠ ᠠᠶᠢᠩᠭᠤ ᠶᠢᠨ ᠬᠤᠷᠢᠶᠠᠨ ᠤ ᠬᠤᠷᠠᠯ ᠪᠤᠯᠤᠨ ᠪᠠᠶᠢᠩᠭᠤ ᠶᠢᠨ ᠬᠤᠷᠢᠶᠠᠨ ᠤ ᠠᠵᠢᠯ ᠢ ᠡᠷᠬᠢᠯᠠᠨ ᠶᠠᠪᠤᠭᠳᠠᠭᠤᠯᠤᠨᠠ᠃ | ᠪᠦᠬᠦ ᠤᠯᠤᠰ ᠤᠨ ᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭᠠ | ᠪᠤᠯᠤᠨ ᠨᠠᠷᠢᠨ ᠢᠴᠢᠭ ᠤᠨ ᠳᠠᠷᠤᠭᠠ ᠨᠢ ᠬᠤᠷᠢᠶᠠᠨ ᠳᠠᠷᠤᠭᠠ ᠶᠢᠨ ᠢᠶᠠᠨ ᠠᠵᠢᠯ ᠳᠤ ᠬᠠᠮᠵᠢᠨᠠ᠃ ᠳᠡᠳ᠋ ᠬᠤᠷᠢᠶᠠᠨ ᠳᠠᠷᠤᠭᠠ ᠨᠢ | ᠬᠤᠷᠢᠶᠠᠨ ᠠᠷᠤᠭᠠ ᠶᠢᠨ ᠨᠠᠶᠢᠳᠠᠯᠭᠠ ᠪᠠᠷ ᠬᠤᠷᠢᠶᠠᠨ ᠳᠠᠷᠤᠭᠠ ᠶᠢᠨ ᠬᠡᠰᠡᠭ ᠡᠷᠬᠡ ᠳᠤᠰᠢᠶᠠᠯ ᠢ ᠤᠷᠤᠯᠠᠨ ᠶᠠᠪᠤᠭᠳᠠᠭᠤᠯᠵᠤ | ᠪᠤᠯᠤᠨᠠ᠃ ᠤᠷᠢᠶᠠᠨ ᠳᠠᠷᠤᠭᠠ ᠨᠢ ᠡᠷᠡᠭᠦᠯ ᠮᠡᠨᠳᠦ ᠶᠢᠨ ᠬᠠᠷᠠᠭᠠ ᠠᠴᠠ ᠪᠤᠯᠤᠭᠠᠳ ᠠᠵᠢᠯᠯᠠᠵᠤ ᠳᠡᠶᠢᠯᠬᠦ ᠦᠭᠡᠢ ᠪᠤᠶᠤ ᠬᠤᠷᠢᠶᠠᠨ | ᠳᠠᠷᠤᠭᠠ ᠶᠢᠨᠤᠷᠤ ᠰᠤᠯᠠ ᠪᠤᠯᠬᠤ ᠦᠶᠠ ᠳᠤ ᠪᠠᠶᠢᠩᠭᠤ ᠶᠢᠨ ᠬᠤᠷᠢᠶᠠ ᠠᠴᠠ ᠳᠡᠳ᠋ ᠬᠤᠷᠢᠶᠠᠨ ᠳᠠᠷᠤᠭᠠ ᠨᠡᠷ ᠤᠨ | ᠳᠤᠳᠤᠷᠠ ᠠᠴᠠ ᠨᠢᠭᠡ ᠦᠮᠦᠨ ᠢ ᠰᠤᠩᠭᠤᠨ ᠭᠠᠷᠭᠠᠵᠤ ᠬᠤᠷᠢᠶᠠᠨ ᠳᠠᠷᠤᠭᠠ ᠶᠢᠨ ᠳᠤᠰᠢᠶᠠᠯ ᠢ ᠤᠷᠤᠯᠠᠨ ᠬᠠᠷᠢᠭᠤᠴᠠᠭᠤᠯᠵᠤ᠂ | ᠬᠤᠷᠢᠶᠠᠨ ᠳᠠᠷᠤᠭᠠ ᠶᠢ ᠷᠡᠭᠦᠯᠵᠢᠬᠦ ᠪᠤᠯᠳᠠᠯᠠ ᠪᠤᠶᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ | ᠰᠢᠨᠠ ᠬᠤᠷᠢᠶᠠᠨ ᠳᠠᠷᠤᠭᠠ ᠰᠤᠩᠭᠤᠨ ᠭᠠᠷᠭᠠᠬᠤ ᠪᠤᠯᠳᠠᠯᠠ ᠤᠷᠤᠯᠠᠭᠤᠯᠤᠨ ᠬᠠᠷᠢᠭᠤᠴᠠᠭᠤᠯᠤᠨᠠ᠃ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠤᠷᠤ ᠰᠤᠯᠠ ᠪᠤᠯᠬᠤ ᠦᠶᠠ ᠳᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠠᠷᠢᠭᠦᠯᠡᠭᠴᠢ ᠪᠠ ᠳᠡᠳ᠋ ᠲᠡᠷᠢᠭᠦᠯᠡᠭᠴᠢ ᠶᠢ ᠨᠦᠬᠦᠵᠤ ᠰᠤᠩᠭᠤᠬᠤ ᠠᠴᠠ | ᠡᠮᠦᠨᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠶᠠᠨ | ᠳᠠᠷᠤᠭᠠ ᠪᠠᠷ ᠤᠯᠤᠰ ᠤᠨ ᠲᠡᠷᠢᠭᠦᠯᠡᠭᠴᠢ ᠶᠢᠨ ᠳᠤᠰᠢᠶᠠᠯ ᠢ ᠲᠦᠷ ᠴᠠᠭ ᠤᠷᠤᠯᠠᠨ ᠬᠠᠷᠢᠭᠤᠴᠠᠭᠤᠯᠤᠨᠠ᠃ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠢ ᠳᠤᠭᠳᠠᠭᠠᠬᠤ ᠳᠤ | ᠬᠤᠭᠤᠴᠠᠭᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ | ᠳᠤᠮᠳᠠ ᠠᠴᠠ ᠵᠢᠱᠢᠭᠳᠡᠭᠴᠢ ᠶᠢ ᠳᠤᠷᠠᠳᠴᠤ᠂ ᠡᠯᠠ ᠲᠦᠯᠦᠭᠡᠯᠡᠭᠴᠢᠳ ᠤᠨ ᠪᠦᠯᠬᠦᠮ ᠢᠶᠠᠷ ᠶᠠᠷᠢᠯᠴᠠᠭᠤᠯᠤᠨ ᠵᠦᠪᠳᠡᠭᠦᠯᠦᠭᠡᠳ | ᠲᠠᠷᠢᠭᠦᠯᠡᠭᠴᠢᠳ ᠤᠨ ᠪᠦᠯᠬᠦᠮ ᠳᠠᠬᠢᠨ ᠤᠯᠠᠩᠬᠢ ᠲᠦᠯᠦᠭᠡᠯᠡᠭᠴᠢ ᠶᠢᠨ ᠰᠠᠨᠠᠯ ᠢ ᠦᠨᠳᠦᠰᠦᠯᠡᠵᠤ ᠵᠢᠩᠬᠢᠨᠢ ᠵᠢᠱᠢᠭᠳᠡᠭᠴᠢ ᠶᠢᠨ | ᠨᠡᠷᠡᠰ ᠢ ᠳᠤᠭᠳᠠᠭᠠᠨᠠ᠂ ᠬᠠᠮᠤᠭ ᠤᠨ ᠰᠡᠭᠦᠯ ᠳᠤᠨᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠭᠦᠳᠡ ᠬᠤᠷᠠᠯ ᠤᠨ | ᠰᠤᠩᠭᠤᠭᠤᠯᠢ ᠪᠠᠷ ᠰᠤᠩᠭᠤᠨ ᠭᠠᠷᠭᠠᠨᠠ᠃ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠡᠮᠦᠨᠠ ᠪᠤᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠢ ᠳᠡᠩᠴᠡᠭᠦᠦ ᠳᠤᠭᠠᠨ ᠤ ᠰᠤᠩᠭᠤᠭᠤᠯᠢ ᠪᠠᠷ ᠰᠤᠩᠭᠤᠨ ᠭᠠᠷᠭᠠᠵᠤ ᠪᠠᠶᠢᠪᠠ᠃ | ᠳᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠶᠡᠭᠡ | ᠬᠤᠷᠠᠯ ᠠᠴᠠ ᠡᠬᠢᠯᠡᠭᠡᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠦᠷᠢᠯᠳᠦᠭᠦᠨ ᠢ ᠵᠦᠷᠢᠶᠡᠳᠤ ᠳᠤᠭᠠᠨ ᠤ ᠰᠤᠩᠭᠤᠭᠤᠯᠢ ᠪᠠᠷ ᠰᠤᠩᠭᠤᠨ ᠭᠠᠷᠭᠠᠬᠤ ᠪᠤᠯᠵᠤ᠂ ᠬᠤᠷᠢᠶᠠᠨ ᠳᠠᠷᠤᠭᠠ᠂ | ᠳᠡᠳ᠋ ᠬᠤᠷᠢᠶᠠᠨ ᠳᠠᠷᠤᠭᠠ ᠪᠤᠯᠤᠨ ᠨᠠᠷᠢᠨ ᠪᠢᠴᠢᠭ ᠤᠨ ᠳᠠᠷᠤᠭᠠ ᠶᠢ ᠮᠦᠨ ᠬᠦ ᠳᠡᠩᠴᠡᠭᠦᠦ ᠳᠤᠭᠠᠨ ᠤ ᠰᠤᠩᠭᠤᠭᠤᠯᠢ ᠪᠠᠷ | ᠰᠤᠩᠭᠤᠨ ᠭᠠᠷᠭᠠᠵᠤ ᠪᠠᠶᠢᠨᠠ᠃ ᠵᠦᠷᠢᠶᠡᠳᠤ ᠳᠤᠭᠠ ᠶᠢᠨ ᠬᠠᠷᠢᠴᠠᠯ ᠤᠨ ᠳᠤᠬᠠᠢ ᠳᠤᠳᠤᠷᠬᠠᠢ ᠬᠠᠤᠯᠢ ᠴᠠᠭᠠᠵᠠ ᠶᠢᠨ ᠳᠤᠭᠳᠠᠭᠠᠯ | ᠪᠠᠶᠢᠬᠤ ᠦᠭᠡᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯ ᠬᠤᠷᠠᠯᠳᠤᠭᠤᠯᠬᠤ ᠦᠶᠠ ᠳᠡᠭᠡᠨ | ᠰᠤᠩᠭᠤᠭᠤᠯᠢ ᠶᠢᠨ ᠠᠷᠭᠠ ᠳᠠᠭᠠᠨ ᠳᠤᠭᠳᠠᠭᠠᠳᠠᠭ᠃ ᠵᠢᠱᠢᠶᠡᠯᠡᠪᠡᠯ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠪᠠᠳᠤᠯᠠᠭᠰᠠᠨ ᠶᠢᠰᠦᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠤᠩᠭᠤᠭᠤᠯᠢ ᠶᠢᠨ | ᠠᠷᠭᠠ ᠳᠤ᠄ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠤᠷᠤᠨ ᠳᠤᠭᠠ ᠶᠢ 155 ᠬᠦᠮᠦᠨ ᠢᠶᠠᠷ ᠳᠤᠭᠳᠠᠭᠠᠨᠠ᠃ ᠬᠤᠷᠢᠶᠠᠨ ᠳᠠᠷᠤᠭᠠ᠂ | ᠳᠡᠳ᠋ ᠬᠤᠷᠢᠶᠠᠨ ᠳᠠᠷᠤᠭᠠ ᠪᠤᠯᠤᠨ ᠨᠠᠷᠢᠨ ᠪᠢᠴᠢᠭ ᠤᠨ ᠳᠠᠷᠤᠭᠠ ᠶᠢᠨ ᠨᠡᠷᠡᠰ ᠲᠤ ᠨᠡᠶᠢᠳᠡ 21 ᠬᠦᠮᠦᠨ ᠢ ᠳᠤᠷᠠᠳᠴᠤ᠂ | ᠳᠡᠩᠴᠡᠭᠦᠦ ᠳᠤᠭᠠᠨ ᠤ ᠰᠤᠩᠭᠤᠭᠤᠯᠢ ᠪᠠᠷ ᠰᠤᠩᠭᠤᠨᠠ᠃ ᠭᠡᠰᠢᠭᠦᠨ ᠢ 134 ᠬᠦᠮᠦᠨ ᠢᠶᠠᠷ ᠳᠤᠭᠳᠠᠭᠠᠵᠤ᠂ ᠨᠡᠷᠠ | ᠳᠤᠷᠠᠳᠤᠯᠭᠠ ᠳᠤ 141 ᠬᠦᠮᠦᠨ ᠢ ᠳᠤᠷᠠᠳᠴᠤ᠂ ᠵᠦᠷᠢᠶᠡᠳᠤ ᠳᠤᠭᠠᠨ ᠤ ᠰᠤᠩᠭᠤᠭᠤᠯᠢ ᠪᠠᠷ ᠰᠤᠩᠭᠤᠵᠤ᠂ 7 ᠨᠡᠷᠡᠰ ᠤᠨ | ᠵᠦᠷᠢᠶᠠ ᠭᠠᠷᠭᠠᠵᠤ᠂ ᠵᠦᠷᠢᠶᠡᠳᠤ ᠳᠤᠭᠠᠨ ᠤ ᠬᠠᠷᠢᠴᠠᠯ ᠢ 5% ᠪᠤᠯᠭᠠᠨᠠ᠃ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ | ᠵᠢᠱᠢᠭᠳᠡᠭᠴᠢ ᠶᠢᠨ ᠤᠯᠤᠭᠰᠠᠨ ᠪᠢᠯᠧᠲ ᠤᠨ ᠳᠤᠭᠠ ᠪᠦᠬᠦ ᠲᠦᠯᠦᠭᠡᠯᠡᠭᠴᠢ ᠶᠢᠨ ᠳᠤᠭᠠᠨ ᠤ ᠬᠠᠭᠠᠰ ᠠᠴᠠ ᠬᠡᠳᠦᠷᠡᠪᠡᠯ ᠰᠠᠶᠢ | ᠰᠤᠩᠭᠤᠭᠳᠠᠵᠤ ᠪᠤᠯᠤᠨᠠ᠃ ᠵᠢᠱᠢᠶᠡᠯᠡᠪᠡᠯ᠂ ᠬᠤᠷᠢᠶᠠᠨ ᠳᠠᠷᠤᠭᠠ᠂ ᠳᠡᠳ᠋ ᠬᠤᠷᠢᠶᠠᠨ ᠳᠠᠷᠤᠭᠠ ᠪᠤᠯᠤᠨ ᠨᠠᠷᠢᠨ ᠪᠢᠴᠢᠭ ᠤᠨ | ᠳᠠᠷᠤᠭᠠ ᠶᠢᠨ ᠵᠢᠱᠢᠭᠳᠡᠭᠴᠢ ᠶᠢᠨ ᠤᠯᠤᠭᠰᠠᠨ ᠪᠢᠯᠧᠲ ᠤᠨ ᠳᠤᠭᠠ ᠪᠦᠬᠦ ᠲᠦᠯᠦᠭᠡᠯᠡᠭᠴᠢ ᠶᠢᠨ ᠳᠤᠭᠠᠨ ᠤ ᠬᠠᠭᠠᠰ ᠠᠴᠠ ᠬᠡᠳᠦᠷᠡᠬᠦ | ᠦᠭᠡᠢ ᠦᠶᠠ ᠳᠤ ᠲᠡᠷᠢᠭᠦᠯᠡᠭᠴᠢᠳ ᠤᠨ ᠪᠦᠯᠬᠦᠮ ᠠᠴᠠ ᠬᠠᠤᠯᠢ ᠶᠤᠰᠤᠭᠠᠷ ᠦᠭᠡᠷᠠ ᠵᠢᠱᠢᠭᠳᠡᠭᠴᠢ ᠶᠢ ᠨᠡᠷᠠ ᠳᠤᠷᠠᠳᠴᠤ | ᠰᠤᠩᠭᠤᠭᠤᠯᠢ ᠶᠠᠪᠤᠭᠤᠯᠤᠨᠠ᠃ ᠬᠤᠭᠤᠴᠠᠭᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠠᠴᠠ ᠬᠤᠶᠢᠰᠢᠬᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠳᠤᠭᠤᠯᠬᠤ ᠬᠤᠷᠠᠯ ᠨᠢ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠢ ᠨᠦᠬᠦᠨ ᠰᠤᠩᠭᠤᠵᠤ ᠪᠤᠯᠤᠨᠠ᠃ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠤᠰᠢᠶᠠᠯ ᠤᠨ ᠬᠤᠭᠤᠴᠠᠭᠠ ᠨᠢ | ᠬᠤᠭᠤᠴᠠᠭᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠤᠰᠢᠶᠠᠯ ᠤᠨ | ᠬᠤᠭᠤᠴᠠᠭᠠ ᠲᠠᠢ ᠠᠳᠠᠯᠢ ᠪᠠᠷ ᠴᠦᠮ 5 ᠵᠢᠯ ᠶᠤᠮ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠶᠠᠨ ᠳᠠᠷᠤᠭᠠ ᠪᠤᠯᠤᠨ ᠳᠡᠳ᠋ ᠬᠤᠷᠢᠶᠠᠨ ᠳᠠᠷᠤᠭᠠ ᠶᠢᠨ ᠵᠠᠯᠭᠠᠪᠡᠷ ᠳᠤᠰᠢᠶᠠᠯ ᠬᠠᠷᠢᠭᠤᠴᠠᠬᠤ | ᠬᠤᠭᠤᠴᠠᠭᠠ ᠬᠤᠶᠡᠷ ᠬᠤᠭᠤᠴᠠᠭᠠ ᠠᠴᠠ ᠬᠡᠳᠦᠷᠡᠵᠤ ᠪᠤᠯᠬᠤ ᠦᠭᠡᠢ ᠭᠡᠵᠤ ᠳᠤᠭᠳᠠᠭᠠᠪᠠ᠃ ᠪᠠᠶᠢᠩᠭᠤ ᠶᠢᠨ ᠬᠤᠷᠢᠶᠠᠨ ᠤ | ᠪᠤᠰᠤᠳ ᠪᠦᠷᠢᠯᠳᠦᠭᠦᠨ ᠨᠡᠷ ᠤᠨ ᠬᠡᠳᠦᠢ ᠬᠤᠭᠤᠴᠠᠭᠠ ᠳᠤᠰᠢᠶᠠᠯ ᠬᠠᠷᠢᠭᠤᠴᠠᠵᠤ ᠪᠤᠯᠬᠤ ᠳᠤᠬᠠᠢ ᠬᠠᠤᠯᠢ ᠴᠠᠭᠠᠵᠠ ᠳᠤ ᠳᠤᠭᠳᠠᠭᠠᠯ ᠭᠠᠷᠭᠠᠭᠰᠠᠨ | ᠦᠭᠡᠢ᠃ | | |